6 ᠰᠠᠷ᠎ᠠ ᠶᠢᠨ 17 ᠤ ᠡᠳᠦᠷ᠂ ᠮᠠᠨ ᠤ ᠬᠤᠰᠢᠭᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠵᠢᠴᠢ | ᠬᠠᠷᠢᠶᠠᠲᠤ ᠣᠷᠣᠨ ᠤ ᠳᠥᠷᠪᠡᠨ ᠱᠠᠲᠤᠨ ᠤ ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠭᠠᠯᠠᠭᠤᠲᠤ | ᠪᠠᠯᠭᠠᠰᠤᠨ ᠲᠣᠭᠤᠷᠢᠭ ᠲᠤ ᠭᠦᠷᠴᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ | ᠦᠵᠡᠪᠡ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ ᠬᠤᠷᠢᠶᠠᠨ ᠤ ᠳᠡᠳ᠋ | ᠱᠦᠵᠢ ᠬᠤᠰᠢᠭᠤ ᠳᠠᠷᠤᠭ᠎ᠠ ᠵᠣᠣ ᠹᠧᠢ ᠯᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦ᠋ ᠰᠢᠨ ᠹᠡ᠂ ᠬᠤᠰᠢᠭᠤ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠰᠢᠤ ᠹᠧᠩ᠂ ᠸᠠᠩ ᠵᠢᠷᠭᠠᠯ᠂ ᠬᠤᠰᠢᠭᠤ | ᠳᠡᠳ᠋ ᠳᠠᠷᠤᠭ᠎ᠠ ᠵᠧᠦ ᠱᠤᠸᠠᠢ ᠵᠢᠴᠢ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷᠠᠳᠠᠨ | ᠪᠠᠶᠢᠴᠠᠭᠠᠪᠠ᠃ | | | | | | | | | | | | | | | | ᠪᠠᠶᠢᠴᠠᠭᠠᠯᠲᠠ ᠶᠢᠨ ᠳᠤᠭᠤᠶᠢᠯᠠᠩ ᠤᠨ ᠬᠢᠨ ᠭᠠᠯᠠᠭᠤᠲᠤ ᠪᠠᠯᠭᠠᠰᠤᠨ ᠲᠣᠭᠤᠷᠢᠭ ᠲᠤ ᠭᠦᠷᠴᠣ ᠵᠠᠮ | ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠠᠷᠠᠳ ᠤᠨ ᠡᠮᠨᠡᠯᠭᠡ ᠶᠢᠨ ᠬᠤᠷᠢᠶᠠᠨ ᠤ ᠡᠷᠭᠢᠨ | ᠲᠣᠭᠤᠷᠢᠨ ᠤ ᠦᠵᠡᠮᠵᠢ ᠶᠢ ᠰᠠᠶᠢᠵᠢᠷᠠᠭᠤᠯᠬᠤ ᠢᠨᠵᠧᠨᠧᠷᠢᠩ᠂ ᠭᠠᠯᠠᠭᠤᠲᠤ ᠰᠤᠷᠭᠠᠭᠤᠯᠢ ᠶᠢᠨ ᠬᠤᠶᠠᠳᠤᠭᠠᠷ | ᠬᠤᠭᠤᠴᠠᠭᠠᠨ ᠤ ᠢᠨᠵᠧᠨᠧᠷᠢᠩ᠂ ᠪᠣᠬᠢᠷ ᠤᠰᠤ ᠶᠢ ᠰᠢᠶᠳᠪᠦᠷᠢᠯᠡᠬᠦ ᠦᠢᠯᠡᠳᠪᠦᠷᠢ᠂ ᠬᠠᠶᠠᠭᠳᠠᠮᠠᠯ ᠡᠳ᠋ ᠢ | ᠬᠤᠳᠠᠯᠳᠤᠨ ᠠᠪᠬᠤ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠶᠦᠩ ᠲᠠᠢ ᠢᠯᠴᠢ ᠴᠠᠬᠢᠯᠭᠠᠨ ᠤ | ᠬᠠᠮᠲᠤᠷᠠᠭᠰᠠᠨ ᠦᠢᠯᠡᠳᠪᠦᠷᠢᠯᠡᠯ ᠤᠨ ᠲᠥᠷᠥᠯ ᠵᠦᠢᠯ ᠵᠢᠴᠢ ᠢ ᠯᠢᠨ ᠶᠤᠸᠠᠨ᠂ ᠶᠤᠸᠠᠢ ᠰᠢᠨ ᠶᠤᠸᠠᠨ ᠰᠠᠭᠤᠭᠠᠯᠢ | ᠲᠣᠭᠤᠷᠢᠭ᠂ ᠪᠥᠸᠧ ᠵᠢᠶᠦᠸᠠᠢ ᠭᠦᠩ ᠭᠤᠸᠠᠨ ᠰᠠᠭᠤᠭᠠᠯᠢ ᠲᠣᠭᠤᠷᠢᠭ ᠢ ᠶᠡᠷᠦᠩᠬᠡᠶᠢᠯᠡᠨ ᠥᠭᠡᠷᠡᠴᠢᠯᠡᠬᠦ | ᠪᠠᠷᠢᠯᠭ᠎ᠠ ᠶᠢᠨ ᠲᠤᠬᠠᠢ ᠶᠢᠨ ᠭᠠᠵᠠᠷ ᠲᠤ ᠪᠠᠶᠢᠴᠠᠭᠠᠯᠲᠠ ᠬᠢᠪᠡ᠃ ᠠᠬᠠᠮᠠᠳ ᠺᠠᠳ᠋ᠷ ᠵᠢᠴᠢ ᠠᠷᠠᠳ ᠤᠨ | ᠲᠥᠯᠥᠭᠡᠯᠡᠭᠴᠢᠳ ᠮᠠᠨ ᠤ ᠬᠤᠰᠢᠭᠤᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ | ᠠᠵᠢᠯ ᠳᠤ ᠨᠤᠲᠠᠯᠠᠯᠲᠠ ᠥᠭᠭᠦᠭᠰᠡᠨ ᠪᠠᠶᠢᠨ᠎ᠠ᠃ | | | | | | | | | | | | | | | | | | | | | | | ᠡᠷᠳᠡᠨᠢᠪᠢᠯᠢᠭ ᠵᠢᠭᠠᠬᠤ ᠳᠠᠭᠠᠨ᠂ ᠣᠶᠢᠷ᠎ᠠ ᠶᠢᠨ ᠵᠢᠯ ᠠᠴᠠ ᠪᠦᠬᠦ ᠬᠤᠰᠢᠭᠤᠨ ᠤ ᠬᠤᠲᠠ ᠪᠠᠯᠭᠠᠰᠤᠨ ᠤ | ᠪᠦᠲᠦᠭᠡᠨ ᠪᠠᠶᠢᠭᠤᠯᠤᠯᠲᠠ ᠶᠢᠨ ᠠᠵᠢᠯ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠲᠤ ᠪᠠᠬᠢ ᠪᠣᠶ ᠪᠣᠯᠭᠠᠵᠤ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ ᠨᠠᠷᠠᠲᠤ | ᠲᠡᠮᠳᠡᠭᠲᠦ ᠬᠤᠲᠠ ᠪᠠᠯᠭᠠᠰᠤ ᠶᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠠᠨ ᠪᠣᠯᠭᠠᠵᠤ ᠬᠤᠲᠠ ᠪᠠᠯᠭᠠᠰᠤᠨ ᠤ | ᠬᠥᠭᠵᠢᠯᠲᠡ ᠶᠢᠨ ᠰᠡᠳᠬᠢᠴᠡ ᠪᠠᠨ ᠤᠯᠠᠮ ᠴᠢᠨᠠᠭᠰᠢᠳᠠ ᠬᠤᠪᠢᠷᠠᠭᠤᠯᠤᠨ ᠬᠤᠲᠠ ᠪᠠᠯᠭᠠᠰᠤᠨ ᠤ ᠪᠦᠲᠦᠭᠡᠨ | ᠪᠠᠶᠢᠭᠤᠯᠤᠯᠲᠠ ᠶᠢᠨ ᠣᠶᠢᠯᠠᠭᠠᠭᠳᠠᠬᠤᠨ ᠢ ᠰᠢᠨᠡᠴᠢᠯᠡᠵᠦ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ᠂ | ᠣᠷᠣᠰᠢᠨ ᠰᠠᠭᠤᠷᠢᠰᠢᠬᠤ ᠣᠷᠴᠢᠨ ᠲᠣᠭᠤᠷᠢᠨ᠂ ᠰᠤᠷᠭᠠᠨ ᠬᠥᠮᠦᠵᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ | ᠵᠢᠴᠢ ᠪᠣᠬᠢᠷ ᠤᠰᠤ ᠶᠢ ᠰᠢᠶᠳᠪᠦᠷᠢᠯᠡᠬᠦ᠂ ᠬᠠᠶᠠᠭᠳᠠᠮᠠᠯ ᠡᠳ᠋ ᠢ ᠬᠤᠷᠢᠶᠠᠨ ᠠᠪᠬᠤ᠂ ᠲᠡᠷᠭᠡᠨ ᠵᠣᠭᠰᠣᠭᠠᠯ᠂ | ᠴᠠᠬᠢᠯᠭᠠᠨ ᠬᠠᠩᠭᠠᠬᠤ ᠪᠠ ᠳᠤᠯᠠᠭᠠᠯᠠᠭ᠎ᠠ ᠬᠠᠩᠭᠠᠬᠤ ᠵᠡᠷᠭᠡ ᠠᠷᠠᠳ ᠤᠨ ᠠᠮᠢᠳᠤᠷᠠᠯ ᠳᠤ ᠬᠤᠯᠪᠣᠭᠳᠠᠬᠤ ᠬᠤᠲᠠ | ᠪᠠᠯᠭᠠᠰᠤᠨ ᠤ ᠴᠢᠳᠠᠮᠵᠢᠲᠤ ᠲᠥᠬᠦᠭᠡᠷᠦᠮᠵᠢ ᠶᠢ ᠰᠢᠰᠲ᠋ᠧᠮ ᠲᠠᠢ ᠲᠥᠯᠥᠪᠵᠢᠭᠦᠯᠵᠦ ᠬᠤᠲᠠ ᠪᠠᠯᠭᠠᠰᠤᠨ ᠤ ᠵᠠᠰᠠᠯᠲᠠ | ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠴᠢᠩᠭᠠᠳᠬᠠᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ | ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠮᠠᠨ ᠤ ᠬᠤᠰᠢᠭᠤᠨ ᠤ ᠥᠷᠭᠡᠨ ᠤᠯᠠᠨ ᠠᠷᠠᠳ ᠲᠦᠮᠡᠨ ᠤ ᠢᠷᠠᠭᠤ | ᠠᠯᠳᠠᠷᠲᠤ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠦᠨ | ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ᠂ ᠨᠤᠮᠢᠨ ᠲᠠᠩᠰᠤᠭ ᠭᠥᠭᠵᠢᠨ | ᠮᠠᠨᠳᠤᠯᠳᠠ ᠶᠢ ᠪᠠᠶᠠᠯᠠᠭᠦᠯᠭᠦ ᠶᠢ ᠠᠭᠢᠭᠤᠯᠤᠭᠰᠠᠨ ᠪᠠᠶᠢᠨ᠎ᠠ ᠭᠡᠵᠡᠢ᠃ | | | | | | | ᠵᠤᠤ ᠹᠧᠢ ᠯᠦ ᠵᠢᠭᠠᠬᠤ ᠳᠠᠭᠠᠨ᠂ ᠡᠨᠡ ᠵᠢᠯ ᠠᠴᠠ ᠨᠠᠰᠢ ᠮᠠᠨ ᠤ ᠬᠤᠰᠢᠭᠤ ᠨᠢᠭᠡ ᠪᠦᠯᠦᠭ ᠭᠤᠣᠯᠳᠠᠯᠭ᠎ᠠ | ᠲᠠᠢ ᠲᠥᠷᠥᠯ ᠵᠦᠢᠯ ᠢ ᠣᠯᠵᠤ ᠲᠣᠭᠲᠠᠭᠰᠠᠨ ᠬᠤᠭᠤᠴᠠᠭᠠᠨ ᠳᠠᠭᠠᠨ ᠠᠵᠢᠯ ᠢᠶᠠᠨ ᠡᠬᠢᠯᠡᠭᠦᠯᠦᠭᠰᠡᠨ ᠪᠠᠶᠢᠨ᠎ᠠ᠃ | ᠡᠳᠡᠭᠡᠷ ᠠᠵᠢᠯ ᠢᠶᠠᠨ ᠡᠬᠢᠯᠡᠭᠦᠯᠦᠭᠰᠡᠨ ᠲᠥᠷᠥᠯ ᠵᠦᠢᠯ ᠨᠢ ᠪᠦᠷ ᠮᠠᠨ ᠤ ᠬᠤᠰᠢᠭᠤᠨ ᠤ ᠲᠦᠷᠭᠡᠨ ᠬᠥᠭᠵᠢᠯᠲᠡ᠂ | ᠬᠤᠳᠠ ᠪᠠᠯᠭᠠᠰᠤᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠢ ᠨᠢᠭᠲᠠ ᠬᠤᠯᠪᠣᠭ᠎ᠠ ᠲᠠᠢ᠂ ᠤᠯᠠᠨ ᠲᠦᠮᠡᠨ ᠤ | ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠭᠤᠣᠯᠳᠠᠯᠭ᠎ᠠ ᠲᠠᠢ ᠢᠨᠵᠧᠨᠧᠷᠢᠩ ᠪᠣᠯᠤᠨ᠎ᠠ᠃ ᠲᠤᠰ ᠤᠳᠠᠭ᠎ᠠ ᠠᠵᠢᠯ | ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠠᠷᠠᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠦ ᠮᠠᠨ ᠤ | ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠢ ᠪᠠᠶᠢᠴᠠᠭᠠᠨ ᠦᠵᠡᠭᠰᠡᠨ ᠤ ᠵᠣᠷᠢᠯᠭ᠎ᠠ ᠨᠢ ᠲᠤᠬᠠᠶ ᠶᠢᠨ | ᠲᠠᠯᠠᠪᠠᠢ ᠳᠤ ᠭᠦᠷᠴᠤ ᠲᠣᠭᠤᠷᠢᠨ ᠥᠵᠠᠭᠦ ᠪᠠᠷ ᠲᠠᠮᠵᠢᠭᠤᠯᠤᠨ ᠮᠠᠨ ᠤ ᠬᠤᠰᠢᠭᠤᠨ ᠤ ᠬᠤᠲᠠ ᠪᠠᠯᠭᠠᠰᠤᠨ ᠤ | ᠪᠦᠲᠦᠭᠡᠨ ᠪᠠᠶᠢᠭᠤᠯᠤᠯᠲᠠ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠲᠤᠷᠠᠳᠤᠭᠤᠯᠬᠤ ᠶᠢᠨ ᠲᠥᠯᠥᠭᠡ ᠶᠤᠮ᠃ ᠪᠢᠳᠡ | ᠦᠷᠭᠦᠯᠵᠢᠯᠡᠨ ᠨᠠᠷᠠᠲᠤ ᠲᠡᠮᠳᠡᠭᠲᠦ ᠬᠤᠲᠠ ᠪᠠᠯᠭᠠᠰᠤ ᠶᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠨ ᠬᠤᠲᠠ | ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠪᠠ ᠪᠣᠳᠠᠲᠠᠶ ᠶᠢ ᠡᠷᠬᠢᠮᠯᠡᠬᠦ ᠬᠠᠨᠳᠤᠰᠢ ᠶᠢ ᠪᠠᠷᠢᠮᠲᠠᠯᠠᠨ ᠣᠯᠠᠨ ᠲᠦᠮᠡᠨ ᠤ ᠳᠡᠷᠭᠡᠳᠡᠬᠢ ᠲᠣᠪᠣᠶᠢᠮ᠎ᠠ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠬᠤᠳᠠᠯᠳᠤᠭ᠎ᠠ᠂ ᠰᠣᠶᠣᠯ᠂ ᠵᠤᠭ᠎ᠠ ᠴᠡᠩᠭᠡᠯ ᠵᠡᠷᠭᠡ ᠠᠷᠠᠳ ᠲᠤ | ᠳᠥᠭᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ ᠣᠯᠠᠨ ᠲᠦᠮᠡᠨ ᠳᠤ ᠬᠤᠲᠠ ᠪᠠᠯᠭᠠᠰᠤᠨ | ᠤ ᠠᠮᠢᠳᠤᠷᠠᠯ ᠤᠨ ᠳᠥᠭᠦᠮ ᠳᠥᠲᠡ᠂ ᠲᠠᠭᠠᠯᠠᠮᠵᠢᠲᠠᠶ ᠪᠠ ᠰᠠᠶᠢᠨ ᠰᠠᠶᠢᠬᠠᠨ ᠢ ᠮᠡᠳᠡᠷᠡᠭᠦᠯᠦᠨ᠎ᠡ ᠭᠡᠵᠡᠢ᠃ | | | | | | | | | | | | | | | | | | | | | | | |