ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠭᠠᠯᠠᠭᠤᠳᠤ ᠪᠠᠯᠭᠠᠰᠤᠨ ᠤ ᠪᠤᠵᠠᠷ ᠤᠰᠤ ᠶᠢ ᠰᠢᠢᠳᠪᠤᠷᠢᠯᠠᠭᠦ ᠥᠢᠯᠠᠳᠪᠤᠷᠢ ᠶᠢᠨ ᠲᠥᠷᠥᠯ ᠵᠥᠢᠯ ᠤᠨ ᠪᠠᠷᠢᠯᠭ᠎ᠠ ᠶᠢᠨ ᠪᠥᠳᠤᠭᠡᠨ ᠪᠠᠶᠢᠭᠤᠯᠤᠯᠳᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠭᠢᠪᠡ
ᠨᠡᠶᠢᠲᠡᠯᠡᠭᠰᠡᠨ ᠴᠠᠭ᠄
2019-06-20
      6 ᠰᠠᠷ᠎ᠠ ᠶᠢᠨ 17 ᠤ ᠡᠳᠤᠷ᠂ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ ᠭᠠᠯᠠᠭᠤᠳᠤ ᠪᠠᠯᠭᠠᠰᠤᠨ ᠤ ᠪᠤᠵᠠᠷ ᠤᠰᠤ ᠶᠢ ᠰᠢᠢᠳᠪᠤᠷᠢᠯᠠᠭᠦ ᠥᠢᠯᠠᠳᠪᠤᠷᠢ ᠶᠢᠨ ᠪᠤᠵᠠᠷ ᠤᠰᠤ ᠶᠢ ᠭᠠᠳᠠᠭᠰᠢᠯᠠᠭᠤᠯᠬᠤ ᠪᠠᠷᠢᠮᠵᠢᠶ᠎ᠠ ᠶᠢ ᠲᠡᠭᠡᠭᠰᠢᠯᠠᠭᠦᠯᠭᠦ ᠥᠭᠡᠷᠡᠴᠢᠯᠠᠯᠳᠠ ᠪᠠ ᠤᠰᠤ ᠶᠢ ᠲᠠᠭᠢᠨ ᠠᠰᠢᠭᠯᠠᠬᠤ ᠪᠠᠷᠢᠯᠭ᠎ᠠ ᠶᠢᠨ ᠪᠥᠳᠤᠭᠡᠨ ᠪᠠᠶᠢᠭᠤᠯᠤᠯᠳᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠭᠢᠵᠤ ᠬᠤᠰᠢᠭᠤ ᠲᠡᠳ᠋ ᠲᠠᠷᠤᠭ᠎ᠠ ᠵᠸᠤ ᠱᠤᠸᠠᠢ᠂ ᠬᠤᠰᠢᠭᠤ ᠤᠷᠤᠨ ᠰᠠᠭᠤᠴᠠ ᠶᠢᠨ ᠪᠥᠳᠥᠭᠡᠨ ᠪᠠᠶᠢᠭᠤᠯᠤᠯᠳᠠ ᠶᠢᠨ ᠲᠤᠪᠴᠢᠶ᠎ᠠ᠂ ᠨᠠᠶᠢᠳᠠ ᠶᠢᠨ ᠥᠢᠯᠡᠰ ᠤᠨ ᠬᠠᠮᠢᠶᠠᠷᠤᠯᠳᠠ ᠶᠢᠨ ᠲᠤᠪᠴᠢᠶᠠᠨ ᠤ ᠬᠠᠷᠢᠭᠤᠴᠠᠯᠭᠠᠳᠠᠨ ᠪᠠᠷᠠᠳᠠᠨ ᠪᠠᠶᠢᠴᠠᠭᠠᠪᠠ᠃
      ᠡᠷᠳᠡᠨᠢᠪᠢᠯᠢᠭ ᠡᠵᠡᠮᠰᠢᠨ ᠬᠠᠮᠢᠶᠠᠷᠬᠤ ᠲᠠᠰᠤᠭ ᠪᠠ ᠪᠠᠷᠢᠯᠭ᠎ᠠ ᠶᠢᠨ ᠲᠤᠭᠤᠷᠢᠭ ᠢᠶᠠᠷ ᠭᠥᠷᠴᠤ ᠲᠥᠷᠤᠯ ᠵᠦᠢᠯ ᠤᠨ ᠲᠤᠶᠢᠮᠤ ᠪᠠᠶᠢᠳᠠᠯ᠂ ᠪᠠᠷᠢᠯᠭ᠎ᠠ ᠶᠢᠨ ᠠᠭᠢᠴᠠ ᠶᠢᠨ ᠲᠠᠨᠢᠯᠴᠠᠭᠤᠯᠭ᠎ᠠ ᠶᠢ ᠭᠢᠨᠠᠮᠠᠭᠠᠢ ᠰᠤᠨᠤᠰᠤᠨ ᠲᠥᠭᠦᠭᠡᠷᠤᠮᠵᠢ ᠶᠢ ᠤᠭᠰᠠᠷᠠᠭᠤᠯᠤᠨ ᠲᠤᠭᠢᠷᠠᠭᠤᠯᠬᠤ ᠠᠵᠢᠯ ᠪᠠ ᠪᠤᠵᠠᠷ ᠤᠰᠤ ᠶᠢ ᠰᠶᠢᠳᠪᠤᠷᠢᠯᠠᠭᠦ ᠶᠠᠪᠤᠴᠠ ᠶᠢ ᠨᠠᠷᠢᠨ ᠤᠶᠢᠯᠠᠭᠠᠭᠰᠠᠨ ᠪᠠᠶᠢᠨ᠎ᠠ᠃
      ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠭᠠᠯᠠᠭᠤᠳᠤ ᠪᠠᠯᠭᠠᠰᠤᠨ ᠤ ᠪᠤᠵᠠᠷ ᠤᠰᠤ ᠶᠢ ᠰᠶᠢᠳᠪᠤᠷᠢᠯᠠᠭᠦ   ᠥᠢᠯᠡᠳᠪᠤᠷᠢ ᠶᠢᠨ ᠲᠥᠷᠤᠯ ᠵᠥᠢᠯ ᠪᠤᠯ ᠪᠠᠯᠭᠠᠰᠤᠨ ᠲᠤᠭᠤᠷᠢᠭ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢ ᠴᠡᠭᠴᠡᠯᠠᠨ ᠵᠠᠰᠠᠬᠤ ᠴᠢᠬᠤᠯᠠ ᠲᠥᠭᠦᠭᠡᠷᠤᠮᠵᠢ ᠪᠤᠯᠬᠤ ᠪᠥᠭᠡᠳ ᠠᠷᠠᠳ ᠤᠨ ᠠᠮᠢᠳᠤᠷᠠᠯ ᠲᠠᠢ ᠬᠤᠯᠪᠤᠭᠳᠠᠭᠰᠠᠨ ᠠᠷᠠᠳ ᠢᠷᠭᠡᠳ ᠢ ᠬᠠᠷᠠᠭᠠᠯᠵᠠᠬᠤ ᠠᠷᠠᠳ ᠤᠨ ᠰᠠᠳᠭᠢᠯ ᠤᠨ ᠢᠨᠵᠧᠨᠧᠷᠢᠩ᠂ ᠠᠮᠢ ᠠᠬᠤᠢ ᠶᠢᠨ ᠢᠨᠵᠧᠨᠧᠷᠢᠩ ᠪᠤᠯᠤᠨ᠎ᠠ᠃ ᠡᠯ᠎ᠠ ᠬᠤᠯᠪᠤᠭᠳᠠᠯ ᠪᠥᠭᠦᠢ ᠰᠠᠯᠠᠭ᠎ᠠ ᠮᠥᠴᠢᠷ ᠲᠡᠭᠡᠳᠤ ᠭᠡᠮᠵᠢᠶ᠎ᠠ ᠪᠠᠷ ᠴᠢᠬᠤᠯᠠᠴᠢᠯᠠᠨ ᠥᠵᠠᠵᠤ ᠬᠠᠷᠢᠯᠴᠠᠨ ᠬᠤᠯᠪᠤᠭᠠᠯᠠᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠳᠠ ᠳᠤ ᠪᠥᠭᠦ ᠭᠥᠴᠤᠨ ᠢᠶᠠᠷ ᠢᠶᠠᠨ ᠥᠢᠯᠠᠴᠢᠯᠠᠵᠤ ᠪᠤᠵᠠᠷ ᠤᠰᠤ ᠶᠢ ᠰᠶᠢᠳᠪᠤᠷᠢᠯᠠᠭᠦ ᠥᠢᠯᠡᠳᠪᠤᠷᠢ ᠶᠢᠨ  ᠪᠠᠷᠢᠯᠭ᠎ᠠ ᠶᠢ ᠥᠨᠳᠤᠷ ᠪᠠᠷᠢᠮᠵᠢᠶ᠎ᠠ ᠥᠨᠳᠤᠷ ᠶᠠᠰᠤ ᠴᠢᠨᠠᠷ  ᠲᠠᠢ ᠪᠥᠳᠥᠭᠡᠨ ᠪᠠᠶᠢᠭᠤᠯᠤᠨ ᠡᠷᠳᠡᠭᠡᠨ ᠬᠡᠷᠡᠭᠯᠡᠯᠲᠡ ᠳᠤ ᠤᠷᠤᠬᠤ ᠶᠢ ᠪᠠᠳᠤᠯᠠᠬᠤ ᠭᠡᠷᠡᠭᠳᠠᠢ᠃ ᠪᠤᠵᠠᠷ ᠤᠰᠤ ᠶᠢ ᠰᠶᠢᠳᠪᠤᠷᠢᠯᠠᠭᠦ ᠥᠢᠯᠡᠳᠪᠤᠷᠢ ᠨᠢ ᠪᠥᠳᠥᠭᠡᠨ ᠪᠠᠶᠢᠭᠤᠯᠤᠯᠳᠠ ᠡᠷᠭᠢᠯᠳᠠ ᠲᠤᠮᠳᠠ ᠪᠠᠨ ᠰᠢᠨᠵᠢᠯᠠᠭᠦ ᠤᠬᠠᠭᠠᠨᠴᠢ ᠬᠠᠮᠢᠶᠠᠷᠤᠯᠳᠠ᠂ ᠲᠥᠷᠢᠮᠵᠢᠭᠦᠯᠥᠭᠰᠠᠨ ᠬᠠᠮᠢᠶᠠᠷᠤᠯᠳᠠ ᠶᠢ ᠴᠢᠩᠭᠠᠳᠬᠠᠨ ᠪᠤᠵᠠᠷ ᠤᠰᠤ ᠶᠢ ᠰᠶᠢᠳᠪᠤᠷᠢᠯᠠᠭᠦ ᠤᠯᠤᠰ  ᠤᠨ ᠬᠤᠯᠪᠤᠭᠳᠠᠯ ᠪᠥᠭᠦᠢ ᠮᠠᠷᠭᠡᠵᠢᠯ ᠤᠨ ᠪᠠᠷᠢᠮᠵᠢᠶ᠎ᠠ ᠪᠠᠷ ᠠᠵᠢᠯᠯᠠᠵᠦ ᠥᠷᠭᠡᠨ ᠤᠯᠠᠨ ᠲᠥᠮᠡᠨ ᠳᠤ ᠴᠡᠪᠡᠷ᠂ ᠲᠠᠭᠠᠯᠠᠮᠵᠢᠳᠠᠢ ᠠᠮᠢᠳᠤᠷᠠᠯ ᠤᠨ ᠤᠷᠴᠢᠨ ᠢ ᠡᠭᠦᠳᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号