ᠪᠦᠬᠦ ᠬᠤᠳᠠ ᠶᠢᠨ ᠣᠳᠬ᠎ᠠ ᠣᠷᠠᠯᠢᠭ ᠤᠨ ᠴᠢᠳᠠᠪᠦᠷᠢᠳᠠᠨ ᠤ ︽ᠲᠦᠷᠪᠡᠨ ᠴᠢᠳᠠᠪᠦᠷᠢ︾ ᠶᠢ | ᠴᠢᠩᠭᠠᠳᠬᠠᠬᠤ ᠪᠤᠯᠪᠠᠰᠤᠷᠠᠯ ᠤᠨ ᠠᠩᠬᠢ 6 ᠰᠠᠷ᠎ᠠ ᠶᠢᠨ18 ᠤ ᠡᠳᠦᠷ ᠮᠠᠨ ᠤ ᠬᠤᠰᠢᠭᠤᠨ ᠳᠤ ᠶᠠᠪᠤᠭᠳᠠᠪᠠ᠃ | ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭᠠᠨ ᠤ ᠨᠠᠮ ᠤᠨ ᠳᠤᠭᠤᠶᠢᠯᠠᠩ ᠤᠨ ᠱᠦᠵᠢ ᠹᠧᠩ ᠱᠢ ᠶᠧ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠹᠧᠩ ᡁᠢ ᠮᠢᠩ᠂ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠣᠶᠤᠨᠪᠢᠯᠢᠭ᠌ ᠡᠬᠢᠯᠡᠯᠲᠡ ᠶᠢᠨ ᠶᠣᠰᠣᠯᠠᠯ ᠳᠤ | ᠰᠠᠭᠠᠲᠠᠵᠤ ᠬᠤᠲᠠ ᠬᠤᠰᠢᠭᠤᠨ ᠤ ᠤᠷᠠᠨ ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ ᠤᠨ ᠨᠡᠶᠢᠭᠡᠮᠯᠢᠭ ᠤᠨ | ᠭᠡᠰᠢᠭᠦᠳ ᠪᠣᠯᠣᠨ ᠪᠦᠬᠦ ᠬᠤᠲᠠ ᠶᠢᠨ 100 ᠭᠠᠷᠤᠢ ᠰᠣᠶᠣᠯ ᠤᠷᠠᠯᠢᠭ ᠤᠨ ᠳᠤᠷ᠎ᠠ ᠪᠠᠭ᠋ᠠᠲᠠᠳ ᠣᠷᠣᠯᠴᠠᠭᠰᠠᠨ | ᠪᠠᠶᠢᠨ᠎ᠠ᠃ | | | | | | | | | | | | | ᠹᠧᠩ ᡁᠢ ᠮᠢᠩ ᠡᠬᠢᠯᠡᠯᠲᠡ ᠶᠢᠨ ᠶᠣᠰᠣᠯᠠᠯ ᠳᠡᠭᠡᠷ᠎ᠡ ᠢᠯᠡᠷᠬᠡᠶᠢᠯᠡᠬᠦ ᠳᠡᠭᠡᠨ᠂ ᠪᠦᠬᠦ ᠬᠤᠲᠠ ᠶᠢᠨ ᠤᠳᠬ᠎ᠠ | ᠤᠷᠠᠯᠢᠭ ᠤᠨ ᠴᠢᠳᠠᠪᠤᠷᠢᠲᠠᠨ ᠤ ︽ᠳᠥᠷᠪᠡᠨ ᠴᠢᠳᠠᠪᠤᠷᠢ︾ ᠶᠢ ᠴᠢᠩᠭᠠᠳᠬᠠᠬᠤ ᠪᠣᠯᠪᠠᠰᠤᠷᠠᠯ ᠤᠨ ᠠᠩᠭᠢ | ᠡᠬᠢᠯᠡᠭᠰᠡᠨ ᠨᠢ ᠮᠠᠨ ᠤ ᠬᠤᠰᠢᠭᠤᠨ ᠤ ᠤᠳᠬ᠎ᠠ ᠤᠷᠠᠯᠢᠭ ᠶᠢᠨ ᠬᠢᠨ ᠤ ᠬᠤᠯᠪᠣᠭᠠᠨ ᠤ ᠠᠵᠢᠯ ᠳᠤ ᠲᠤᠶᠢᠯ ᠤᠨ | ᠶᠡᠭᠡ ᠳᠡᠮᠵᠢᠯᠭᠡ ᠵᠣᠷᠢᠭᠵᠢᠭᠤᠯᠤᠯ ᠪᠣᠯᠣᠭᠰᠠᠨ ᠪᠠᠶᠢᠨ᠎ᠠ᠃ ᠮᠠᠨ ᠤ ᠬᠤᠰᠢᠭᠤᠨ ᠤ ᠰᠣᠶᠣᠯ ᠤᠨ ᠠᠭᠤᠯᠤᠭᠳᠠᠴᠠ | ᠭᠦᠨ ᠵᠤᠵᠠᠭᠠᠨ ᠪᠠᠶᠢᠵᠤ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤᠳᠬ᠎ᠠ ᠤᠷᠠᠯᠢᠭ ᠤᠨ ᠬᠥᠭᠵᠢᠯᠲᠡ | ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠮᠠᠰᠢ ᠰᠠᠶᠢᠨ | ᠦᠷ᠎ᠡ ᠪᠦᠲᠦᠮᠵᠢ ᠣᠯᠤᠭᠰᠠᠨ ᠪᠠᠢᠨ᠎ᠠ᠃ ᠲᠤᠰ ᠤᠳᠠᠭᠠᠨ ᠤ ᠬᠤᠲᠠ ᠶᠢᠨ ᠤᠳᠬ᠎ᠠ ᠤᠷᠠᠯᠢᠭ ᠤᠨ ᠬᠢᠨ ᠤ | ᠬᠤᠯᠪᠣᠭ᠎ᠠ ᠶᠢᠨ ᠵᠣᠬᠢᠶᠠᠨ ᠪᠠᠶᠢᠭᠤᠯᠤᠭᠰᠠᠨ ᠨᠠᠷᠠᠲᠤ ᠬᠥᠮᠦᠰ ᠮᠠᠨ ᠤ ᠬᠤᠰᠢᠭᠤᠨ ᠳᠤ ᠢᠷᠡᠵᠦ ᠪᠣᠯᠪᠠᠰᠤᠷᠠᠯ ᠬᠢᠭᠰᠡᠨ | ᠨᠢ ᠮᠠᠨ ᠤ ᠬᠤᠰᠢᠭᠤᠨ ᠤ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ | ᠦᠨᠳᠦᠰᠦᠨ ᠱᠠᠲᠤᠨ ᠤ ᠤᠳᠬ᠎ᠠ ᠤᠷᠠᠯᠢᠭ ᠲᠤ ᠪᠠᠭ᠋ᠠᠲᠠᠶ ᠬᠥᠮᠦᠰ ᠲᠤ ᠬᠠᠷᠢᠯᠴᠠᠨ ᠰᠤᠷᠤᠯᠴᠠᠬᠤ ᠰᠠᠶᠢᠬᠠᠨ | ᠲᠠᠪᠴᠠᠩ ᠢ ᠬᠠᠩᠭᠠᠭᠰᠠᠨ ᠪᠠᠶᠢᠨ᠎ᠠ᠃ ᠡᠨᠡ ᠨᠢ ᠮᠠᠨ ᠤ ᠬᠤᠰᠢᠭᠤᠨ ᠤ ᠤᠳᠬ᠎ᠠ ᠤᠷᠠᠯᠢᠭ ᠤᠨ ᠦᠢᠯᠡᠰ ᠤᠨ | ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠦᠦᠰᠢᠨ ᠤ ᠰᠣᠶᠣᠯ ᠤᠨ ᠴᠡᠴᠡᠭᠯᠡᠯᠲᠡ | ᠬᠥᠭᠵᠢᠯᠲᠡ ᠳᠤ ᠰᠢᠨ᠎ᠡ ᠦᠩᠭᠡ ᠪᠤᠳᠤᠭ ᠨᠡᠮᠡᠷᠢᠯᠡᠬᠦ ᠨᠢ ᠯᠠᠪᠲᠠᠶ ᠶᠤᠮ ᠭᠡᠵᠡᠢ᠃ | | | | | | | ᠣᠶᠢᠯᠠᠭᠠᠭᠰᠠᠨ ᠢᠶᠠᠷ ᠲᠤᠰ ᠣᠳᠠᠭᠠᠨ ᠤ ᠪᠤᠯᠪᠠᠰᠤᠷᠠᠯ ᠢ ᠬᠤᠳᠠ ᠶᠢᠨ ᠣᠳᠬ᠎ᠠ ᠣᠷᠠᠯᠢᠭ ᠤᠨ ᠬᠢᠨ ᠤ | ᠬᠤᠯᠪᠤᠭ᠎ᠠ ᠪᠤᠯᠤᠨ ᠬᠤᠳᠠ ᠶᠢᠨ ᠬᠡᠷᠡᠯ ᠵᠢᠷᠤᠭᠴᠢᠳ ᠤᠨ ᠨᠡᠶᠢᠬᠡᠮᠯᠢᠭ ᠠᠴᠠ ᠭᠤᠤᠯᠯᠠᠨ ᠡᠷᠬᠢᠯᠡᠵᠦ ᠦᠤᠰᠢᠨ | ᠬᠤᠰᠢᠭᠤᠨ ᠤ ᠣᠳᠬ᠎ᠠ ᠣᠷᠠᠯᠢᠭ ᠤᠨ ᠬᠢᠨ ᠤ ᠬᠤᠯᠪᠤᠭ᠎ᠠ ᠠᠴᠠ ᠲᠠᠭᠠᠭᠠᠴᠢᠯᠠᠨ ᠡᠷᠬᠢᠯᠡᠵᠦ᠂ ᠪᠤᠯᠪᠠᠰᠤᠷᠠᠯ ᠳᠤ | ᠲᠤᠰᠬᠠᠢ ᠮᠡᠷᠬᠡᠵᠢᠯ ᠤᠨ ᠪᠠᠭᠰᠢ ᠨᠠᠷ ᠢ ᠤᠷᠢᠨ ᠣᠷᠠᠨ ᠵᠢᠷᠤᠭ᠂ ᠣᠷᠠᠨ ᠪᠢᠴᠢᠯᠬᠡ᠂ ᠬᠡᠷᠡᠯ ᠵᠢᠷᠤᠭ ᠤᠨ ᠲᠠᠯ᠎ᠠ ᠪᠠᠷ | ᠬᠢ ᠮᠡᠷᠬᠡᠵᠢᠯ ᠤᠨ ᠵᠢᠯᠤᠭᠤᠳᠤᠯᠭ᠎ᠠ ᠬᠢᠯᠬᠡᠬᠦ ᠶᠢᠨ ᠬᠠᠮᠳᠤ ᠠᠬᠤᠢ ᠲᠠᠯᠠᠪᠠᠢ ᠶᠢᠨ ᠪᠤᠳᠠᠳᠤ ᠦᠢᠯᠡᠳᠦᠯᠬᠡ ᠶᠢᠨ | ᠬᠢᠴᠢᠶᠡᠯᠯᠡᠭᠡ ᠪᠠᠷ ᠲᠠᠮᠵᠢᠭᠤᠯᠤᠨ ᠣᠷᠠᠯᠢᠭᠴᠢᠳ ᠤᠨ ᠪᠦᠲᠦᠭᠡᠯ ᠳᠤ ᠦᠨᠡᠯᠡᠯᠳᠡ ᠦᠭᠬᠦ ᠪᠠ ᠲᠠᠶᠢᠯᠪᠤᠷᠢᠯᠠᠯᠳᠠ ᠬᠢᠵᠦ | ᠂ ᠪᠤᠯᠪᠠᠰᠤᠷᠠᠯ ᠳᠤ ᠣᠷᠤᠯᠴᠠᠭᠰᠠᠳ ᠬᠤᠭᠤᠷᠤᠨᠳᠤ ᠪᠠᠨ ᠲᠤᠬᠠᠶᠢᠯᠠᠭᠰᠠᠨ ᠠᠵᠢᠯ ᠤᠨ ᠲᠠᠯ᠎ᠠ ᠪᠠᠷ ᠴᠢᠯᠦᠬᠡᠳᠠᠢ | ᠶᠠᠷᠢᠯᠴᠠᠭ᠎ᠠ ᠦᠷᠨᠢᠬᠦᠯᠵᠦ ᠠᠷᠭ᠎ᠠ ᠲᠤᠷᠰᠢᠯᠭ᠎ᠠ ᠪᠠᠨ ᠰᠣᠯᠢᠯᠴᠠᠨ ᠣᠷ᠎ᠠ ᠴᠢᠳᠠᠪᠦᠷᠢ ᠪᠠᠨ ᠲᠡᠭᠡᠭᠰᠢᠯᠡᠬᠦᠯᠤᠭ᠍ᠰᠡᠨ | ᠪᠠᠶᠢᠨ᠎ᠠ᠃ | | | | | | | | | | | | | | | | | | | | | | ᠲᠤᠰ ᠪᠤᠯᠪᠠᠰᠤᠷᠠᠯ ᠨᠢ ᠬᠤᠶᠠᠷ ᠡᠳᠤᠷ ᠤᠨ ᠬᠤᠭᠤᠴᠠᠭ᠎ᠠ ᠲᠠᠢ ᠶᠠᠪᠤᠭᠳᠠᠵᠦ ᠣᠳᠬ᠎ᠠ ᠣᠷᠠᠯᠢᠭ ᠤᠨ | ᠴᠢᠳᠠᠪᠦᠷᠢᠳᠠᠳ ᠤᠨ ᠬᠦᠯ ᠬᠦᠩᠬᠡᠨ ᠨᠢᠳᠤ ᠬᠢᠷᠠᠬᠠᠢ ᠲᠠᠷᠢᠬᠢ ᠰᠡᠷᠬᠡᠢ ᠦᠵᠦᠭ ᠬᠤᠷᠴᠠ ᠪᠠᠶᠢᠬᠤ ︽ᠲᠦᠷᠪᠡᠨ | ᠴᠢᠳᠠᠪᠦᠷᠢ︾ ᠶᠢ ᠴᠢᠩᠭᠠᠳᠬᠠᠬᠤ ᠶᠢ ᠵᠤᠷᠢᠵᠦ ᠪᠤᠢ᠃ | | | | | | | | | | | | | |