ᠤᠯᠠᠭᠠᠨᠳᠤᠯᠤᠭᠠᠢ ᠪᠠᠯᠭᠠᠰᠤᠨ ᠤ ᠪᠠᠶ᠋ᠬᠠᠤᠪᠤᠭ᠎ᠠ ᠭᠠᠴᠠᠭ᠎ᠠ ᠬᠦᠳᠡᠭᠡ ᠲᠤᠰᠬᠤᠨ ᠢ ᠬᠦᠭᠵᠢᠬᠦᠯᠦᠨ | ᠮᠠᠨᠳᠤᠭᠤᠯᠬᠤ ᠠᠵᠢᠯ ᠢ ᠠᠬᠢᠭᠤᠯᠬᠤ ᠲᠤᠮᠳᠠ ᠤᠷᠤᠨ ᠨᠤᠳᠤᠭ ᠤᠨ ᠪᠤᠳᠠᠳᠤ ᠪᠠᠶᠢᠳᠠᠯ ᠢᠶᠠᠨ ᠦᠨᠳᠦᠰᠦᠯᠠᠨ | ᠭᠠᠴᠠᠭᠠᠨ ᠤ ᠬᠠᠮᠳᠤ ᠶᠢᠨ ᠤᠷᠤᠯᠭ᠎ᠠ ᠪᠠᠷ ᠡᠯ᠎ᠡ ᠲᠦᠷᠦᠯ ᠤᠨ ᠲᠠᠷᠢᠶᠠᠯᠠᠩ ᠤᠨ ᠮᠠᠰᠢᠨ ᠢ ᠪᠦᠷᠢᠯᠳᠦᠬᠦᠯᠵᠦ ᠤᠯᠠᠨ | ᠲᠦᠮᠡᠨ ᠳᠤ ᠲᠦᠬᠦᠷ ᠦᠢᠯᠡᠴᠢᠯᠡᠭᠡ ᠬᠠᠩᠭᠠᠵᠤ ᠬᠠᠮᠳᠤᠪᠠᠷ ᠤᠷᠤᠨ ᠨᠤᠳᠤᠭ ᠤᠨ ᠬᠦᠭᠵᠢᠯᠳᠡ ᠶᠢ ᠠᠬᠢᠭᠤᠯᠵᠤ | ᠪᠠᠶᠢᠨ᠎ᠠ᠃ | ᠤᠯᠠᠭᠠᠨᠳᠤᠯᠤᠭᠠᠢ ᠪᠠᠯᠭᠠᠰᠤᠨ ᠤ ᠪᠠᠶ᠋ᠬᠠᠤᠪᠤᠭ᠎ᠠ ᠭᠠᠴᠠᠭᠠᠨ ᠤ ᠮᠠᠯᠴᠢᠨ ᠴᠤᠭᠵᠢᠯᠳᠤ ᠲᠤᠮᠤ ᠬᠡᠯᠪᠡᠷᠢ ᠶᠢᠨ | ᠬᠠᠳᠤᠵᠤ ᠬᠤᠷᠢᠶᠠᠬᠤ ᠮᠠᠰᠢᠨ ᠲᠦᠬᠦᠬᠡᠷᠦᠮᠵᠢ ᠦᠬᠡᠢ ᠠᠴᠠ ᠪᠤᠷᠤ ᠴᠠᠷᠭᠠᠰᠤ ᠪᠠᠨ ᠬᠦᠮᠦᠨ ᠤ ᠬᠦᠴᠦ ᠪᠠᠷ ᠨᠢᠬᠡ | ᠡᠳᠦᠷ ᠬᠠᠳᠤᠳᠠᠭ ᠪᠠᠶᠢᠭᠰᠠᠨ ᠪᠤᠯ ᠡᠨᠡ ᠤᠳᠠᠭ᠎ᠠ ᠭᠠᠴᠠᠭᠠᠨ ᠤ ᠪᠠᠨ ᠲᠠᠷᠢᠶᠠᠯᠠᠩ ᠤᠨ ᠮᠠᠰᠢᠨ ᠤ ᠦᠢᠯᠡᠴᠢᠯᠡᠭᠡ ᠶᠢ | ᠬᠦᠷᠳᠡᠵᠤ ᠬᠡᠳᠦᠬᠡᠨ ᠴᠠᠭ ᠤᠨ ᠲᠤᠳᠤᠷ᠎ᠠ ᠬᠠᠳᠤᠵᠤ ᠲᠠᠭᠤᠰᠬᠠᠯ᠎ᠠ᠃ | ᠤᠶᠢᠷ᠎ᠠ ᠶᠢᠨ ᠵᠢᠯ ᠠᠴᠠ ᠤᠯᠠᠭᠠᠨᠳᠤᠯᠤᠭᠠᠢ ᠪᠠᠯᠭᠠᠰᠤᠨ ᠤ ᠪᠠᠶ᠋ᠬᠠᠤᠪᠤᠭ᠎ᠠ ᠭᠠᠴᠠᠭᠠᠨ ᠤ ᠮᠠᠯᠴᠢᠳ ᠤᠨ ᠡᠯ᠎ᠡ | ᠵᠦᠢᠯ ᠤᠨ ᠲᠠᠷᠢᠮᠠᠯ ᠤᠨ ᠲᠠᠯᠠᠪᠠᠢ ᠦᠷᠬᠡᠵᠢᠵᠤ ᠲᠠᠷᠢᠮᠠᠯ ᠤᠨ ᠲᠦᠷᠦᠯ ᠡᠯᠪᠡᠭᠵᠢᠭᠰᠡᠨ ᠴᠤ ᠨᠠᠰᠤ ᠠᠬᠢᠭᠰᠠᠨ | ᠬᠦᠳᠡᠯᠮᠦᠷᠢᠴᠢᠳ ᠤᠯᠠᠳᠠᠵᠤ ᠲᠤᠮᠤ ᠬᠡᠯᠪᠡᠷᠢ ᠶᠢᠨ ᠮᠠᠰᠢᠨ ᠲᠷᠺᠲ᠋ᠤᠷ ᠲᠦᠬᠦᠬᠡᠷᠬᠦ ᠳᠤ ᠪᠡᠯᠡ ᠮᠦᠩᠬᠦ ᠶᠡᠬᠡᠪᠡᠷ | ᠲᠠᠷᠤᠭᠳᠠᠬᠤ ᠵᠡᠷᠬᠡ ᠪᠠᠶᠢᠳᠠᠯ ᠨᠠᠶᠢᠳᠠᠮ ᠤᠷᠤᠰᠢᠵᠤ ᠬᠦᠭᠵᠢᠯᠳᠡ ᠶᠢ ᠵᠤᠬᠢᠬᠤ ᠬᠡᠮᠵᠢᠶ᠎ᠠ ᠪᠠᠷ ᠬᠢᠵᠠᠭᠠᠷᠯᠠᠬᠤ ᠪᠤᠯᠵᠠᠢ᠃ | ᠭᠠᠴᠠᠭᠠᠨ ᠤ ᠤᠳᠤᠷᠢᠳᠬᠤ ᠪᠠᠭ ᠤᠨ ᠬᠢᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠢ ᠬᠡᠷᠬᠢᠨ | ᠠᠬᠢᠭᠤᠯᠬᠤ ᠲᠤᠬᠠᠢ ᠲᠤᠰᠬᠠᠢ ᠪᠠᠶᠢᠴᠠᠭᠠᠨ ᠰᠤᠳᠤᠯᠤᠯᠳᠠ ᠬᠢᠬᠦ ᠲᠤᠮᠳᠠ ᠡᠳᠡᠬᠡᠷ ᠠᠰᠠᠭᠤᠳᠠᠯ ᠢ ᠤᠯᠵᠤ ᠮᠡᠳᠡᠭᠰᠡᠨ | ᠤ ᠬᠤᠶᠢᠨ᠎ᠠ ᠡᠨᠡ ᠬᠠᠪᠤᠷ 90 ᠭᠠᠷᠤᠢ ᠲᠦᠮᠡᠨ ᠲᠦᠬᠦᠷᠢᠭ ᠭᠠᠷᠭᠠᠵᠤ ᠲᠤᠰᠠᠬᠠᠶᠢᠯᠠᠨ ᠮᠠᠯ ᠲᠠᠷᠢᠶᠠᠯᠠᠩ ᠤᠨ | ᠮᠠᠰᠢᠨᠴᠢᠯᠠᠯᠳᠠ ᠶᠢᠨ ᠺᠤᠮᠫᠠᠨᠢ ᠪᠠᠶᠢᠭᠤᠯᠵᠤ ᠲᠠᠷᠢᠶᠠᠯᠠᠩ ᠤᠨ ᠮᠠᠰᠢᠨ ᠬᠤᠳᠠᠯᠳᠤᠨ ᠠᠪᠴᠤ ᠦᠢᠯᠡᠴᠢᠯᠡᠬᠡᠨ ᠤ ᠠᠩᠬᠢ | ᠭᠠᠷᠭᠠᠨ ᠮᠠᠯᠴᠢᠳ ᠲᠤ ᠲᠠᠷᠢᠬᠤ ᠠᠴᠠ ᠬᠤᠷᠢᠶᠠᠬᠤ ᠪᠤᠯᠳᠠᠯᠠᠬᠢ ᠪᠦᠬᠦ ᠦᠢᠯᠡᠴᠢᠯᠡᠭᠡ ᠶᠢ ᠵᠠᠬ᠎ᠠ ᠲᠡᠯᠬᠡᠬᠦᠷ ᠠᠴᠠ | ᠬᠢᠮᠳᠠ ᠦᠨ᠎ᠡ ᠪᠠᠷ ᠬᠠᠩᠭᠠᠵᠤ ᠡᠬᠢᠯᠡᠵᠡᠢ᠃ | ᠦᠢᠯᠡᠴᠢᠯᠡᠬᠡᠨ ᠤ ᠠᠩᠬᠢ ᠨᠢᠬᠡᠯᠡ ᠲᠡᠬᠡᠷ᠎ᠡ ᠤᠯᠠᠨ ᠮᠠᠰᠢᠨ ᠲᠦᠬᠦᠬᠡᠷᠦᠮᠵᠢ ᠶᠢ ᠪᠦᠷᠢᠯᠳᠦᠬᠦᠯᠬᠦ ᠳᠤ ᠪᠡᠯᠡ ᠮᠦᠩᠬᠦ | ᠶᠡᠬᠡᠪᠡᠷ ᠲᠤᠳᠠᠭᠳᠠᠬᠤ ᠠᠰᠠᠭᠤᠳᠠᠯ ᠳᠤ ᠴᠢᠭᠯᠡᠬᠦᠯᠦᠨ ᠭᠠᠴᠠᠭᠠᠨ ᠤ ᠪᠠᠨ ᠲᠠᠷᠢᠶᠠᠯᠠᠩ ᠤᠨ ᠮᠠᠰᠢᠨ ᠲᠷᠺᠲ᠋ᠤᠷ ᠲᠠᠢ | ᠡᠷᠦᠬᠡ ᠶᠢ ᠦᠢᠯᠡᠴᠢᠯᠡᠬᠡᠨ ᠤ ᠠᠩᠬᠢ ᠳᠠᠭᠠᠨ ᠡᠯᠰᠡᠵᠤ ᠦᠢᠯᠡᠴᠢᠯᠡᠬᠡᠨ ᠤ ᠠᠩᠬᠢ ᠠᠴᠠ ᠬᠢᠬᠦ ᠠᠵᠢᠯ ᠢ ᠨᠢ | ᠬᠠᠷᠢᠯᠴᠠᠵᠤ ᠬᠦᠯᠦᠰᠦ ᠤᠯᠭᠤᠮᠵᠢ ᠶᠢ ᠨᠢ ᠮᠠᠰᠢᠨ ᠲᠷᠺᠲ᠋ᠤᠷ ᠢᠶᠠᠷ ᠦᠢᠯᠡᠴᠢᠯᠡᠭᠰᠡᠨ ᠡᠷᠦᠬᠡ ᠤᠯᠳᠠᠭ᠃ ᠡᠨᠡ ᠨᠢ | ᠨᠢᠬᠡᠨᠳᠡ ᠲᠤᠮᠤ ᠬᠡᠯᠪᠡᠷᠢ ᠶᠢᠨ ᠮᠠᠰᠢᠨ ᠲᠷᠺᠲ᠋ᠤᠷ ᠪᠦᠷᠢᠯᠳᠦᠬᠦᠯᠦᠭᠰᠡᠨ ᠡᠷᠦᠬᠡ ᠶᠢᠨ ᠮᠠᠰᠢᠨ ᠲᠷᠺᠲ᠋ᠤᠷ ᠤᠨ | ᠦᠢᠯᠡᠳᠦᠯ ᠴᠢᠳᠠᠪᠬᠢ ᠶᠢ ᠪᠠᠳᠠᠷᠠᠭᠤᠯᠵᠤ ᠴᠢᠳᠠᠵᠠᠢ᠃ | ᠪᠠᠶ᠋ᠬᠠᠤᠪᠤᠭ᠎ᠠ ᠭᠠᠴᠠᠭᠠᠨ ᠤ ᠦᠢᠯᠡᠴᠢᠯᠡᠬᠡᠨ ᠤ ᠠᠩᠬᠢ ᠬᠠᠪᠤᠷ ᠤᠨ ᠲᠠᠷᠢᠶᠠᠯᠠᠭ᠎ᠠ ᠠᠴᠠ ᠤᠳᠤ ᠪᠤᠯᠳᠠᠯ᠎ᠠ | ᠨᠠᠶᠢᠳᠠ 4000 ᠮᠤ᠋ ᠭᠠᠵᠠᠷ ᠲᠤ ᠦᠢᠯᠡᠴᠢᠯᠡᠭᠡ ᠬᠠᠩᠭᠠᠬᠤ ᠶᠢᠨ ᠬᠠᠮᠳᠤ ᠨᠠᠮᠤᠷ ᠤᠨ ᠬᠤᠷᠢᠶᠠᠯᠳᠠ ᠳᠤ ᠲᠡᠬᠦᠯᠳᠡᠷ | ᠦᠢᠯᠡᠴᠢᠯᠡᠭᠡ ᠬᠠᠩᠭᠠᠬᠤ ᠪᠠᠷ ᠪᠦᠷᠢᠨ ᠪᠡᠯᠡᠳᠬᠡᠯ ᠬᠢᠬᠡᠳ ᠪᠤᠢ᠃ |