6 ᠰᠠᠷ᠎ᠠ ᠶᠢᠨ 20 ᠤ ᠡᠳᠤᠷ ᠥᠥᠰᠢᠨᠵᠤᠤ ᠪᠠᠭ᠎ᠠ ᠰᠤᠷᠭᠠᠭᠤᠯᠢ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡᠨ | ᠤ ᠲᠥᠰᠤᠯ ᠤᠨ ᠠᠵᠢᠯ ᠤᠨ ᠬᠠᠷᠢᠭᠤ ᠮᠡᠳᠡᠭᠦᠯᠥᠯᠳᠠ ᠶᠢᠨ ᠬᠤᠷᠠᠯ ᠬᠤᠰᠢᠭᠤ ᠵᠠᠰᠠᠭ ᠵᠠᠭᠢᠷᠭᠠᠨ ᠤ ᠥᠢᠯᠡᠴᠢᠯᠡᠭᠡᠨ | ᠤ ᠲᠥᠪ ᠲᠤ ᠬᠤᠷᠠᠯᠳᠤᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠱᠥᠵᠢ ᠡᠷᠳᠡᠨᠢᠪᠢᠯᠢᠭ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠶᠥᠩ | ᠹᠧᠩ᠂ ᠬᠤᠰᠢᠭᠤ ᠲᠡᠳ᠋ ᠲᠠᠷᠤᠭ᠎ᠠ ᠵᠸᠤ ᠱᠤᠸᠠᠢ᠂ ᠪᠠᠶᠠᠠᠴᠢᠮᠡᠭ ᠪᠤᠯᠤᠨ ᠬᠤᠰᠢᠭᠤ ᠭᠥᠭᠵᠢᠭᠦᠯᠥᠯᠳᠠ | ᠦᠭᠡᠷᠡᠴᠢᠯᠡᠯᠲᠡ ᠶᠢᠨ ᠵᠥᠪᠯᠠᠯ᠂ ᠰᠤᠷᠭᠠᠨ ᠭᠥᠮᠤᠵᠢᠯ ᠪᠠᠶ᠎ᠠ ᠲᠠᠮᠢᠷ ᠤᠨ ᠲᠤᠪᠴᠢᠶ᠎ᠠ᠂ ᠤᠷᠤᠨ ᠰᠠᠭᠤᠴᠠ ᠪᠥᠳᠥᠭᠡᠨ | ᠪᠠᠶᠢᠭᠤᠯᠤᠯᠳᠠ ᠶᠢᠨ ᠲᠤᠪᠴᠢᠶ᠎ᠠ ᠵᠡᠷᠭᠡ ᠬᠤᠯᠪᠤᠭᠳᠠᠯ ᠪᠥᠭᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠵᠢᠴᠢ | ᠲᠥᠯᠥᠪᠯᠡᠭᠡ ᠲᠥᠯᠥᠪᠵᠢᠭᠦᠯᠭᠡ ᠶᠢᠨ ᠪᠠᠶᠢᠭᠤᠯᠭ᠎ᠠ ᠶᠢᠨ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ | ᠬᠤᠷᠠᠯ ᠲᠡᠭᠡᠷ᠎ᠡ᠂ ᠬᠤᠷᠠᠯ ᠳᠤ ᠤᠷᠤᠯᠴᠠᠭᠰᠠᠳ ᠲᠥᠯᠥᠪᠯᠡᠭᠡ ᠲᠥᠯᠤᠪᠵᠢᠭᠦᠯᠭᠡ ᠶᠢᠨ ᠪᠠᠶᠢᠭᠤᠯᠭ᠎ᠠ ᠶᠢᠨ | ᠥᠥᠰᠢᠨᠵᠤᠤ ᠪᠠᠭ᠎ᠠ ᠰᠤᠷᠭᠠᠭᠤᠯᠢ᠂ ᠬᠡᠤᠭᠡᠳ ᠤᠨ ᠴᠡᠴᠡᠷᠯᠢᠭ ᠤᠨ ᠪᠠᠷᠢᠯᠭ᠎ᠠ ᠶᠢᠨ ᠵᠢᠷᠤᠭ ᠲᠥᠯᠥᠪᠯᠡᠭᠡᠨ ᠤ | ᠲᠥᠰᠤᠯ ᠤᠨ ᠠᠵᠢᠯ ᠤᠨ ᠲᠤᠬᠠᠢ ᠬᠠᠷᠢᠭᠤ ᠮᠡᠳᠡᠭᠦᠯᠥᠯᠳᠠ ᠶᠢ ᠰᠤᠨᠤᠰᠪᠠ᠃ ᠬᠠᠷᠢᠭᠤ ᠮᠡᠳᠡᠭᠦᠯᠥᠯᠳᠠ ᠶᠢ | ᠰᠤᠨᠤᠰᠤᠭᠰᠠᠨ ᠤ ᠲᠠᠷᠠᠭ᠎ᠠ ᠬᠤᠷᠠᠯ ᠳᠤ ᠤᠷᠤᠯᠴᠠᠭᠰᠠᠨ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠠᠴᠠ ᠲᠤᠰ | ᠲᠤᠰ ᠰᠤᠷᠭᠠᠭᠤᠯᠢ ᠶᠢᠨ ᠥᠢᠯᠡᠳᠤᠯ ᠴᠢᠳᠠᠪᠭᠢ ᠶᠢᠨ ᠬᠤᠪᠢᠶᠠᠷᠢᠯᠠᠯᠳᠠ᠂ ᠭᠠᠳᠠᠷ ᠪᠠᠶᠢᠳᠠᠯ ᠤᠨ ᠲᠥᠯᠥᠪᠯᠡᠭᠡ᠂ | ᠢᠨᠵᠧᠨᠧᠷᠢᠩ ᠤᠨ ᠶᠠᠷᠤᠩᠭᠡᠢ ᠥᠨ᠎ᠠ ᠬᠠᠩᠰᠢ᠂ ᠭᠠᠵᠠᠷ ᠭᠡᠷᠡᠭᠯᠡᠭᠦ ᠪᠤᠯᠤᠨ ᠤᠰᠤ ᠴᠠᠭᠢᠯᠭᠠᠨ ᠤ ᠬᠠᠩᠭᠠᠯᠳᠠ᠂ | ᠪᠤᠭᠢᠷᠳᠤᠯ ᠢ ᠭᠠᠳᠠᠭᠰᠢᠯᠠᠭᠤᠯᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠪᠠᠨ ᠲᠤᠷᠠᠳᠤᠭᠰᠠᠨ ᠪᠠᠶᠢᠨ᠎ᠠ᠃ | ᠡᠷᠳᠡᠨᠢᠪᠢᠯᠢᠭ ᠵᠢᠭᠠᠵᠤ ᠭᠠᠷᠭᠠᠬᠤ ᠳᠤ ᠪᠠᠨ᠂ ᠥᠥᠰᠢᠨᠵᠤᠤ ᠪᠠᠭ᠎ᠠ ᠰᠤᠷᠭᠠᠭᠤᠯᠢ᠂ ᠬᠡᠤᠭᠡᠳ ᠤᠨ ᠴᠡᠴᠡᠷᠯᠢᠭ | ᠤᠨ ᠰᠢᠨ᠎ᠠ ᠰᠤᠷᠭᠠᠭᠤᠯᠢ ᠶᠢᠨ ᠲᠤᠭᠤᠷᠢᠭ ᠤᠨ ᠪᠥᠳᠥᠭᠡᠨ ᠪᠠᠶᠢᠭᠤᠯᠤᠯᠳᠠ ᠨᠢ ᠮᠠᠨ ᠤ ᠬᠤᠰᠢᠭᠤᠨ ᠤ | ᠥᠨᠳᠤᠰᠤᠳᠠᠨ ᠤ ᠰᠤᠷᠭᠠᠨ ᠭᠥᠮᠤᠵᠢᠯ ᠤᠨ ᠥᠢᠯᠡᠰ ᠤᠨ ᠥᠷᠨᠢᠭᠦᠨ ᠭᠥᠭᠵᠢᠯᠳᠠ ᠶᠢ ᠠᠭᠢᠭᠤᠯᠬᠤ᠂ ᠰᠤᠷᠭᠠᠨ | ᠭᠥᠮᠤᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠲᠡᠭᠡᠭᠰᠢᠯᠠᠭᠦᠯᠭᠦ᠂ ᠲᠤᠬᠠᠢ ᠶᠢᠨ ᠭᠠᠵᠠᠷ ᠤᠷᠤᠨ ᠤ ᠰᠤᠷᠤᠭᠴᠢᠳ | ᠲᠤ ᠲᠥᠭᠦᠮ ᠨᠥᠭᠦᠴᠠᠯ ᠠᠪᠴᠢᠷᠠᠬᠤ ᠳᠤ ᠲᠤᠶᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃ ᠲᠥᠯᠥᠪᠯᠡᠭᠡ | ᠶᠢᠨ ᠪᠠᠶᠢᠭᠤᠯᠭ᠎ᠠ ᠨᠢᠭᠡᠴᠢ ᠨᠢ ᠭᠡᠷᠡᠭᠯᠡᠭᠡ ᠶᠢ ᠲᠠᠷᠢᠭᠦᠨ ᠳᠤ ᠲᠠᠯᠪᠢᠵᠤ ᠰᠢᠨᠵᠢᠯᠠᠭᠦ ᠤᠬᠠᠭᠠᠠᠴᠢ ᠪᠠᠷ ᠲᠥᠯᠥᠪᠵᠢᠭᠦᠯᠭᠦ | ᠵᠠᠷᠴᠢᠮ ᠢ ᠪᠠᠷᠢᠮᠳᠠᠯᠠᠨ ᠲᠥᠯᠥᠪᠯᠡᠭᠡᠨ ᠤ ᠲᠥᠰᠤᠯ ᠢ ᠰᠢᠨᠵᠢᠯᠠᠭᠦ ᠤᠬᠠᠭᠠᠠᠴᠢ ᠴᠢᠨᠠᠷ᠂ ᠲᠥᠯᠥᠪᠵᠢᠭᠦᠯᠭᠡ ᠶᠢᠨ | ᠴᠢᠨᠠᠷ ᠲᠠᠢ ᠪᠠᠶᠢᠯᠭᠠᠵᠤ ᠤᠳᠤ ᠥᠶ᠎ᠠ ᠶᠢᠨ ᠰᠤᠷᠭᠠᠨ ᠭᠥᠮᠤᠵᠢᠯ ᠤᠨ ᠤᠨᠤᠯᠵᠢᠭᠤᠨ ᠤ ᠲᠤᠭᠤᠷᠢᠨ ᠳᠤ ᠡᠨᠧᠷᠬᠢ | ᠠᠷᠪᠢᠯᠠᠬᠤ᠂ ᠤᠷᠴᠢᠨ ᠲᠤᠭᠤᠷᠢᠨ ᠤ ᠬᠠᠮᠠᠭᠠᠯᠠᠯᠲᠠ᠂ ᠬᠡᠷᠡᠭᠯᠡᠯᠲᠡ᠂ ᠥᠵᠠᠮᠵᠢ ᠪᠠᠶᠢᠳᠠᠯ ᠢ ᠠᠩᠬᠠᠷᠬᠤ ᠭᠡᠷᠡᠭᠳᠠᠢ᠃ | ᠭᠠᠵᠠᠷ ᠰᠢᠷᠤᠢ ᠶᠢ ᠠᠷᠪᠢᠯᠠᠨ ᠭᠠᠮᠨᠠᠵᠤ ᠡᠷᠴᠢᠮᠵᠢᠭᠦᠯᠤᠨ ᠭᠡᠷᠡᠭᠯᠠᠭᠦ ᠵᠠᠷᠴᠢᠮ ᠢᠶᠠᠷ ᠵᠢᠭᠠᠨ ᠰᠤᠷᠭᠠᠯᠳᠠ᠂ ᠲᠠᠮᠢᠷ | ᠤᠷᠠᠯᠢᠭ᠂ ᠲᠤᠷᠰᠢᠯᠳᠠ᠂ ᠨᠤᠭᠤᠭᠠᠷᠠᠭᠤᠯᠤᠯᠳᠠ᠂ ᠲᠡᠷᠭᠡᠨ ᠵᠤᠭᠰᠤᠭᠠᠯ᠂ ᠵᠤᠭ᠎ᠠ ᠴᠡᠩᠬᠡᠯ ᠵᠡᠷᠭᠡ ᠲᠤᠭᠤᠷᠢᠭ ᠤᠨ | ᠭᠠᠵᠠᠷ ᠭᠡᠷᠡᠭᠯᠡᠭᠦ ᠶᠢ ᠵᠤᠭᠢᠰᠳᠠᠢ ᠲᠥᠯᠥᠪᠵᠢᠭᠦᠯᠵᠤ ᠵᠢᠭᠠᠨ ᠰᠤᠷᠭᠠᠯᠳᠠ ᠶᠢᠨ ᠲᠤᠭᠤᠷᠢᠭ ᠪᠠ ᠠᠮᠢᠳᠤᠷᠠᠯ ᠤᠨ | ᠲᠤᠭᠤᠷᠢᠭ ᠢ ᠰᠢᠨᠵᠢᠯᠠᠭᠦ ᠤᠬᠠᠭᠠᠨᠴᠢ ᠪᠠᠷ ᠪᠠᠶᠢᠷᠢᠯᠠᠭᠤᠯᠤᠨ ᠰᠤᠷᠭᠠᠭᠤᠯᠢ ᠶᠢᠨ ᠭᠥᠷᠢᠶᠠᠨ ᠤ ᠪᠥᠳᠥᠭᠡᠨ | ᠪᠠᠶᠢᠭᠤᠯᠤᠯᠳᠠ ᠪᠠ ᠥᠥᠰᠢᠨᠵᠤᠤ ᠰᠥᠮ᠎ᠠ ᠶᠢᠨ ᠤᠶᠢᠷ᠎ᠠ ᠬᠠᠪᠢ ᠶᠢᠨ ᠥᠵᠠᠮᠵᠢ ᠶᠢᠨ ᠲᠥᠯᠥᠪᠯᠡᠭᠡ ᠶᠢ ᠤᠷᠭᠠᠨᠢᠭ | ᠢᠶᠠᠷ ᠠᠭᠤᠰᠤᠯᠴᠠᠭᠤᠯᠬᠤ ᠭᠡᠷᠡᠭᠳᠠᠢ᠃ ᠲᠥᠯᠥᠪᠯᠡᠭᠡ ᠲᠦᠯᠦᠪᠵᠢᠬᠦᠯᠭᠡ ᠶᠢᠨ ᠰᠠᠯᠠᠭ᠎ᠠ ᠮᠥᠴᠢᠷ ᠬᠤᠷᠠᠯ ᠳᠤ | ᠤᠷᠤᠯᠴᠠᠭᠰᠠᠳ ᠤᠨ ᠲᠤᠷᠠᠳᠤᠭᠰᠠᠨ ᠰᠠᠨᠠᠯ ᠰᠠᠨᠠᠭᠤᠯᠭ᠎ᠠ ᠳᠤ ᠭᠥᠨᠵᠠᠭᠡᠢ ᠵᠠᠳᠠᠯᠤᠯᠳᠠ ᠭᠢᠵᠤ ᠲᠥᠯᠥᠪᠯᠡᠭᠡ | ᠲᠥᠯᠥᠪᠵᠢᠭᠦᠯᠭᠡ ᠶᠢᠨ ᠲᠥᠰᠤᠯ ᠢ ᠵᠠᠰᠠᠨ ᠲᠠᠭᠦᠯᠳᠠᠷᠵᠢᠭᠦᠯᠭᠦ ᠭᠡᠷᠡᠭᠳᠠᠢ᠃ ᠡᠯ᠎ᠠ ᠬᠤᠯᠪᠤᠭᠳᠠᠯ ᠪᠥᠭᠦᠢ ᠰᠠᠯᠠᠭ᠎ᠠ | ᠮᠥᠴᠢᠷ ᠢᠳᠡᠪᠭᠢᠳᠠᠢ ᠬᠠᠮᠵᠢᠯᠴᠠᠨ ᠲᠥᠯᠥᠪᠯᠡᠭᠡ ᠶᠢᠨ ᠪᠠᠶᠢᠭᠤᠯᠭ᠎ᠠ ᠨᠢᠭᠡᠴᠢ ᠲᠠᠢ ᠬᠠᠷᠢᠯᠴᠠᠭ᠎ᠠ ᠶᠠᠪᠤᠯᠴᠠᠭ᠎ᠠ ᠪᠠᠨ | ᠴᠢᠩᠭᠠᠳᠬᠠᠵᠤ ᠲᠥᠷᠤᠯ ᠵᠥᠢᠯ ᠤᠨ ᠲᠥᠯᠥᠪᠵᠢᠭᠦᠯᠭᠡ ᠶᠢᠨ ᠠᠵᠢᠯ ᠢ ᠡᠷᠳᠠᠭᠡᠨ ᠪᠠᠶᠠᠯᠠᠭᠦᠯᠵᠤ ᠪᠠᠷᠢᠯᠭ᠎ᠠ ᠪᠠᠨ ᠡᠷᠳᠠ | ᠡᠬᠢᠯᠡᠬᠦᠯᠦᠨ ᠴᠠᠭ ᠲᠤ ᠪᠠᠨ ᠲᠠᠭᠤᠰᠬᠠᠵᠤ ᠰᠤᠷᠤᠭᠴᠢᠳ ᠲᠤ ᠲᠤᠭᠢᠯᠢᠭ ᠰᠠᠶᠢᠬᠠᠨ ᠰᠤᠷᠤᠯᠴᠠᠬᠤ ᠤᠷᠴᠢᠨ ᠢ | ᠪᠥᠷᠢᠯᠳᠤᠭᠦᠯᠤᠨ ᠤᠯᠠᠨ ᠲᠥᠮᠡᠨ ᠬᠠᠨᠤᠮᠵᠢᠳᠠᠢ ᠰᠤᠷᠭᠠᠨ ᠭᠥᠮᠤᠵᠢᠯ ᠢ ᠡᠷᠭᠢᠯᠠᠨ ᠮᠠᠨ ᠤ ᠬᠤᠰᠢᠭᠤᠨ ᠤ ᠵᠢᠭᠠᠨ | ᠰᠤᠷᠭᠠᠬᠤ ᠶᠠᠰᠤ ᠴᠢᠨᠠᠷ ᠪᠠ ᠰᠤᠷᠭᠠᠨ ᠭᠥᠮᠤᠵᠢᠯ ᠤᠨ ᠭᠢᠷᠢ ᠲᠥᠪᠰᠢᠨ ᠢ ᠪᠥᠭᠦ ᠲᠠᠯ᠎ᠠ ᠪᠠᠷ ᠲᠡᠭᠡᠭᠰᠢᠯᠠᠭᠦᠯᠭᠦ ᠳᠤ | ᠰᠢᠨ᠎ᠠ ᠭᠥᠳᠡᠯᠭᠡᠭᠦ ᠭᠥᠴᠤᠨ ᠨᠠᠮᠠᠷᠢᠯᠠᠭᠦ ᠭᠡᠷᠡᠭᠳᠠᠢ ᠭᠡᠵᠡᠢ᠃ | ᠬᠤᠷᠠᠯ ᠢᠶᠠᠷ ᠪᠠᠰᠠ ᠥᠥᠰᠢᠨᠵᠤᠤ ᠪᠠᠯᠭᠠᠰᠤᠨ ᠤ ᠭᠡᠰᠡᠭ ᠵᠠᠭᠡᠯᠢ ᠶᠢᠨ ᠥᠵᠡᠮᠵᠢ ᠶᠢᠨ ᠦᠭᠡᠷᠡᠴᠢᠯᠡᠯᠲᠡ ᠶᠢᠨ | ᠲᠥᠰᠤᠯ ᠢ ᠰᠤᠳᠤᠯᠤᠨ ᠶᠠᠷᠢᠯᠴᠠᠭᠰᠠᠨ ᠪᠠᠶᠢᠨ᠎ᠠ᠃ |