ᠮᠠᠨ ᠤ ᠬᠤᠰᠢᠭᠤ ︽ᠭᠤᠷᠪᠠᠨ ᠲᠠᠪᠴᠠᠩ︾ ᠢ ᠪᠠᠶᠢᠭᠤᠯᠵᠤ ᠠᠯᠤᠰ ᠡᠵᠡᠮᠰᠢᠯᠳᠤ ᠬᠦᠮᠤᠵᠢᠯ ᠢ ᠠᠬᠢᠭᠤᠯᠤᠭᠠᠳ ᠦᠷ᠎ᠠ ᠪᠦᠳᠤᠮᠵᠢ ᠤᠯᠪᠠ
ᠨᠡᠶᠢᠲᠡᠯᠡᠭᠰᠡᠨ ᠴᠠᠭ᠄
2019-06-21
     ᠤᠢᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ᠠᠯᠤᠰ ᠡᠵᠡᠮᠰᠢᠯᠳᠤ ᠬᠦᠮᠤᠵᠢᠯ ᠤᠨ ︽ᠲᠤᠮᠤ ᠬᠢᠴᠢᠶᠡᠯᠯᠡᠭᠡ︾ ᠶᠢᠨ ᠦᠢᠯᠡᠳᠤᠯ ᠢ ᠬᠦᠢᠴᠡᠳ ᠪᠠᠳᠠᠷᠠᠭᠤᠯᠵᠤ᠂ ︽ᠭᠤᠷᠪᠠᠨ ᠲᠠᠪᠴᠠᠩ︾ ᠢ ᠪᠠᠶᠢᠭᠤᠯᠵᠤ᠂ ᠰᠢᠨ᠎ᠠ ᠭᠡᠯᠪᠡᠷᠢ ᠶᠢᠨ ᠮᠠᠯᠴᠢᠨ ᠲᠠᠷᠢᠶᠠᠴᠢᠳ ᠢ ᠬᠦᠮᠤᠵᠢᠭᠦᠯᠭᠦ ᠪᠠ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠵᠤ ᠴᠢᠨᠡᠭᠡᠯᠢᠭᠵᠢᠭᠦᠯᠭᠦ ᠠᠷᠭ᠎ᠠ ᠵᠠᠮ ᠢ ᠦᠷᠭᠡᠳᠭᠡᠵᠤ᠂ ᠠᠯᠤᠰ ᠡᠵᠡᠮᠰᠢᠯᠳᠤ ᠬᠦᠮᠤᠵᠢᠯ ᠤᠨ ᠰᠤᠷᠤᠯᠴᠠᠯᠭ᠎ᠠ ᠪᠠ ᠭᠡᠷᠡᠭᠯᠡᠭᠡ ᠶᠢ ᠬᠤᠪᠢᠷᠠᠭᠤᠯᠵᠤ ᠦᠷ᠎ᠠ ᠪᠦᠳᠤᠮᠵᠢ ᠶᠢ ᠤᠯᠠᠮ ᠨᠢᠭᠡ ᠠᠯᠬᠤᠮ ᠲᠡᠭᠡᠭᠰᠢᠯᠡᠭᠦᠯᠵᠤ ᠪᠤᠢ᠃      ︽ᠠᠯᠤᠰ ᠡᠵᠡᠮᠰᠢᠯᠳᠤ ᠬᠦᠮᠤᠵᠢᠯ ᠤᠨ ᠦᠵᠦᠭᠦᠷ ᠦᠷᠳᠡᠭᠡᠨ ᠴᠡᠭ + ᠨᠠᠮ ᠤᠨ ᠭᠡᠰᠢᠭᠦᠨ ᠤᠯᠠᠨ ᠲᠦᠮᠡᠨᠴᠢ︾ ᠭᠡᠯᠪᠡᠷᠢ ᠪᠠᠷ ︽ᠬᠦᠮᠤᠵᠢᠯ ᠪᠤᠯᠪᠠᠰᠤᠷᠠᠯ ᠤᠨ ᠲᠠᠪᠴᠠᠩ︾ ᠢ ᠪᠠᠶᠢᠭᠤᠯᠪᠠ᠃ ᠪᠦᠬᠦ ᠬᠤᠰᠢᠭᠤᠨ ᠤ 80% ᠠᠴᠠ ᠲᠡᠭᠡᠭᠰᠢᠬᠢ ᠮᠠᠯᠴᠢᠨ ᠲᠠᠷᠢᠶᠠᠴᠢᠨ ᠨᠠᠮ ᠤᠨ ᠭᠡᠰᠢᠭᠦᠨ 1~2 ᠲᠦᠷᠤᠯ ᠤᠨ ᠭᠡᠷᠡᠭᠯᠡᠭᠡᠨ ᠤ ᠮᠡᠷᠭᠡᠵᠢᠯ ᠢ ᠡᠵᠡᠮᠰᠢᠵᠤ᠂ 263 ᠮᠠᠯᠴᠢᠨ ᠲᠠᠷᠢᠶᠠᠴᠢᠨ ᠲᠧᠭᠨᠢᠢᠡ ᠮᠡᠷᠭᠡᠵᠢᠯ ᠤᠨ ᠴᠤᠯᠠ ᠲᠠᠢ ᠪᠤᠯᠪᠠ︔ ︽ᠠᠯᠤᠰ ᠡᠵᠡᠮᠰᠢᠯᠳᠤ ᠬᠦᠮᠤᠵᠢᠯ ᠤᠨ ᠦᠵᠤᠭᠦᠷ ᠦᠷᠳᠡᠭᠡᠨ ᠴᠡᠭ + ᠵᠢᠱᠢᠶ᠎ᠠ ᠦᠵᠡᠭᠦᠯᠭᠦ ᠰᠠᠭᠤᠷᠢᠨ ᠭᠠᠵᠠᠷ︾ ᠤᠨ ᠭᠡᠯᠪᠡᠷᠢ ᠪᠠᠷ ︽ᠰᠢᠨᠵᠢᠯᠡᠭᠦ ᠤᠬᠠᠭᠠᠨ ᠮᠡᠷᠭᠡᠵᠢᠯ ᠢᠶᠠᠷ ᠪᠠᠶᠠᠵᠢᠨ ᠴᠢᠨᠡᠭᠡᠯᠢᠭᠵᠢᠭᠦ ᠲᠠᠪᠴᠠᠩ︾ ᠢ ᠪᠠᠶᠢᠭᠤᠯᠪᠠ᠃ ᠤᠢᠢᠷ᠎ᠠ ᠶᠢᠨ ᠭᠡᠳᠤᠨ ᠵᠢᠯ ᠳᠤ ᠵᠢᠭᠠᠨ ᠰᠤᠷᠭᠠᠬᠤ ᠵᠢᠱᠢᠶ᠎ᠠ ᠦᠵᠡᠭᠦᠯᠭᠦ ᠰᠠᠭᠤᠷᠢᠨ ᠭᠠᠵᠠᠷ ᠢ 13 ᠡᠭᠦᠳᠤᠨ ᠪᠠᠶᠢᠭᠤᠯᠵᠤ᠂ ᠬᠠᠮᠢᠶ᠎ᠠ ᠪᠦᠬᠦᠢ ᠮᠡᠷᠭᠡᠵᠢᠯᠳᠡᠨ ᠢ 180 ᠤᠳᠠᠭ᠎ᠠ ᠤᠷᠢᠵᠤ ᠲᠤᠬᠠᠢ ᠶᠢᠨ ᠭᠠᠵᠠᠷ ᠲᠤ ᠵᠢᠭᠠᠨ ᠵᠢᠯᠤᠭᠤᠳᠤᠯᠭ᠎ᠠ ᠬᠢᠯᠭᠡᠵᠤ᠂ ︽ᠲᠠᠷᠢᠶᠠᠨ ᠭᠠᠵᠠᠷ ᠤᠨ ᠬᠢᠴᠢᠶᠡᠯᠯᠡᠭᠡ︾ ᠶᠢ 650 ᠭᠠᠷᠤᠢ ᠲᠠᠯᠠᠪᠠᠢ ︵ᠤᠳᠠᠭ᠎ᠠ︶ ᠡᠷᠬᠢᠯᠡᠵᠤ᠂ ᠲᠤᠬᠠᠢ ᠶᠢᠨ ᠲᠠᠯᠠᠪᠤᠷ ᠲᠤ 1.5 ᠲᠦᠮᠡᠨ ᠬᠦᠮᠤᠨ ︵ᠤᠳᠠᠭ᠎ᠠ︶ ᠳᠤ ᠵᠢᠭᠠᠨ ᠵᠢᠯᠤᠭᠤᠳᠤᠯᠭ᠎ᠠ ᠬᠢᠪᠡ︔ ︽ᠠᠯᠤᠰ ᠡᠵᠡᠮᠰᠢᠯᠳᠤ ᠬᠦᠮᠤᠵᠢᠯ ᠤᠨ ᠦᠵᠤᠭᠦᠷ ᠦᠷᠳᠡᠭᠡᠨ ᠴᠡᠭ + ᠬᠤᠷᠰᠢᠶ᠎ᠠ︾ ᠶᠢᠨ ᠭᠡᠯᠪᠡᠷᠢ ᠪᠠᠷ ︽ᠵᠠᠬ᠎ᠠ ᠲᠡᠯᠭᠡᠭᠦᠷ ᠤᠨ ᠦᠢᠯᠡᠴᠢᠯᠡᠭᠡᠨ ᠤ ᠲᠠᠪᠴᠠᠩ︾ ᠢ ᠪᠠᠶᠢᠭᠤᠯᠪᠠ᠃ ᠤᠳᠤᠬᠠᠨ ᠳᠤ᠂ ᠪᠦᠬᠦ ᠬᠤᠰᠢᠭᠤᠨ ᠳᠤ ᠲᠡᠷᠢᠵᠤ ᠤᠷᠭᠤᠭᠤᠯᠬᠤ ᠲᠡᠵᠢᠭᠡᠨ ᠠᠷᠠᠴᠢᠯᠠᠬᠤ ᠬᠤᠷᠰᠢᠶ᠎ᠠ ᠶᠢ 93 ᠪᠠᠶᠢᠭᠤᠯᠵᠤ᠂ ᠡᠯ᠎ᠠ ᠲᠦᠷᠤᠯ ᠤᠨ ᠮᠡᠷᠭᠡᠵᠢᠯ ᠤᠨ ᠪᠤᠯᠪᠠᠰᠤᠷᠠᠯ ᠢ 120 ᠭᠠᠷᠤᠢ ᠤᠳᠠᠭ᠎ᠠ ᠦᠷᠨᠢᠭᠦᠯᠵᠤ᠂ ᠨᠠᠮ ᠤᠨ ᠭᠡᠰᠢᠭᠦᠨ ᠤᠯᠠᠨ ᠲᠦᠮᠡᠡ ᠳᠤ ᠲᠡᠷᠢᠵᠤ ᠤᠷᠭᠤᠭᠤᠯᠬᠤ᠂ ᠲᠡᠵᠢᠭᠡᠨ ᠠᠷᠠᠴᠢᠯᠠᠬᠤ ᠵᠡᠷᠭᠡ ᠪᠠᠶᠠᠵᠢᠨ ᠴᠢᠨᠡᠭᠡᠯᠢᠭᠵᠢᠭᠦᠯᠭᠦ ᠲᠦᠷᠤᠯ ᠵᠦᠢᠯ ᠢ 58 ᠲᠠᠨᠢᠯᠴᠠᠭᠤᠯᠵᠤ᠂ 2000 ᠭᠠᠷᠤᠢ ᠵᠠᠬ᠎ᠠ ᠲᠡᠯᠭᠡᠭᠦᠷ ᠤᠨ ᠴᠢᠮᠡᠭᠡ ᠵᠠᠩᠬᠢ ᠬᠠᠨᠭ᠍ᠭᠠᠪᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号