ᠤᠢᠢᠷ᠎ᠠ ᠶᠢᠨ ᠡᠳᠦᠷ᠂ ︽ᠠᠶᠤᠯ ᠳᠦᠭᠰᠢᠬᠦᠷᠢ ᠶᠢ ᠰᠡᠷᠬᠡᠶᠢᠯᠡᠵᠤ ᠳᠡᠯᠳᠡ ᠬᠡᠮ ᠢ ᠠᠷᠢᠯᠭᠠᠨ ᠬᠡᠷᠡᠭ ᠡ᠊ ᠡᠳᠡᠯ | ᠡᠬᠦᠰᠬᠦ ᠶᠢ ᠬᠤᠷᠢᠬᠯᠠᠬᠤ︾ ᠪᠠᠷ ᠭᠤᠤᠯ ᠰᠡᠳᠦᠪ ᠢᠶᠠᠨ ᠪᠤᠯᠭᠠᠭᠰᠠᠨ ᠦᠤᠰᠢᠨ ᠬᠤᠰᠢᠭᠤᠨ ᠤ 2019 ᠤᠨ ᠤ | ᠠᠶᠤᠯᠬᠦᠢ ᠦᠢᠯᠡᠳᠪᠦᠷᠢᠯᠡᠯ ᠤᠨ ᠰᠠᠷ᠎ᠡ ᠶᠢᠨ ᠤᠬᠠᠭᠤᠯᠭ᠎ᠠ ᠠᠰᠠᠭᠤᠨ ᠯᠠᠪᠯᠠᠯᠭ᠎ᠠ ᠶᠢᠨ ᠡᠳᠦᠷ ᠤᠨ ᠠᠵᠢᠯᠯᠠᠭ᠎ᠠ | ᠭᠠᠯᠠᠭᠤᠳᠤ ᠪᠠᠯᠭᠠᠰᠤᠨ ᠳᠤ ᠶᠠᠪᠤᠬᠳᠠᠵᠠᠢ᠃ | ᠳᠤᠰ ᠤᠳᠠᠭᠠᠨ ᠤ ᠠᠵᠢᠯᠯᠠᠭ᠋ ᠠ ᠶᠢᠨ ᠵᠤᠷᠢᠯᠬ᠎ᠠ ᠨᠢ ᠪᠦᠬᠦ ᠠᠷᠡᠳ ᠤᠨ ᠪᠠᠴᠢᠮ ᠪᠠᠶᠢᠳᠠᠯ ᠢ ᠠᠷᠭᠠᠴᠠᠬᠤ | ᠤᠬᠠᠮᠰᠠᠷ ᠢ ᠴᠢᠩᠭᠠᠳᠬᠠᠨ᠂ ᠤᠯᠠᠨ ᠳᠦᠮᠡᠨ ᠤ ᠠᠶᠤᠯᠬᠦᠢ ᠶᠢᠨ ᠬᠡᠪ ᠴᠢᠨᠡᠷ ᠢ ᠳᠡᠭᠡᠭᠰᠢᠯᠡᠬᠦᠯᠵᠤ᠂ ᠭᠠᠯ ᠢ | ᠰᠡᠷᠬᠡᠶᠢᠯᠡᠵᠤ ᠭᠠᠮᠰᠢᠬ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠬᠦᠯᠦᠨ ︽ᠠᠶᠤᠯᠬᠦᠢ ᠦᠢᠯᠡᠳᠪᠦᠷᠢᠯᠡᠯ ᠤᠨ ᠬᠠᠤᠯᠢ︾ | ᠂ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠶᠤᠯᠬᠦᠢ ᠦᠢᠯᠡᠳᠪᠦᠷᠢᠯᠡᠯ ᠤᠨ ᠳᠦᠷᠢᠮ︾ ᠵᠡᠷᠬᠡ | ᠬᠠᠤᠯᠢ ᠴᠠᠭᠠᠵᠠ ᠳᠦᠷᠢᠮ ᠳᠤᠬᠳᠠᠭᠠᠯ ᠢ ᠦᠷᠬᠡᠨ ᠳᠡᠯᠬᠡᠷ ᠤᠬᠠᠭᠤᠯᠵᠤ᠂ ᠪᠦᠬᠦ ᠬᠤᠰᠢᠭᠤᠨ ᠤ ᠠᠶᠤᠯᠬᠦᠢ | ᠦᠢᠯᠡᠳᠪᠦᠷᠢᠯᠡᠯ ᠤᠨ ᠪᠠᠶᠢᠳᠠᠯ ᠢ ᠦᠷᠬᠦᠯᠵᠢᠯᠡᠨ ᠪᠠᠳᠤᠯᠠᠬᠤ ᠳᠤ ᠦᠵᠡᠯ ᠰᠠᠨᠠᠭᠠᠨ ᠤ ᠪᠠᠳᠤᠯᠠᠭ᠎ᠠ᠂ ᠤᠶᠤᠨ | ᠰᠠᠨᠠᠭᠠᠨ ᠤ ᠬᠦᠳᠡᠯᠭᠡᠭᠴᠢ ᠬᠦᠴᠦᠨ ᠪᠠ ᠶᠠᠷᠢᠶ᠎ᠡ ᠬᠡᠯᠡᠯᠴᠡᠬᠡᠷ ᠤᠨ ᠳᠡᠮᠵᠢᠯᠬᠡ ᠬᠠᠨᠭ᠍ᠭᠠᠵᠤ ᠬᠦᠨᠳᠦ ᠶᠡᠭᠡ ᠬᠡᠷᠡᠭ | ᠡ᠊ᠨᠳᠡᠯ ᠭᠠᠷᠬᠤ ᠶᠢ ᠰᠡᠷᠬᠡᠶᠢᠯᠡᠬᠦ ᠪᠤᠯᠤᠨ᠎ᠡ᠃ | ᠠᠵᠢᠯᠯᠠᠭ᠎ᠠ ᠨᠢ ︽ᠠᠶᠤᠯ ᠳᠦᠭᠰᠢᠬᠦᠷᠢ ᠶᠢ ᠰᠡᠷᠬᠡᠶᠢᠯᠡᠵᠤ ᠳᠡᠯᠳᠡ ᠬᠡᠮ ᠢ ᠠᠷᠢᠯᠭᠠᠨ ᠬᠡᠷᠡᠭ ᠠᠳᠡᠯ | ᠡᠬᠦᠰᠬᠦ ᠶᠢ ᠬᠤᠷᠢᠬᠯᠠᠬᠤ︾ ᠭᠤᠤᠯ ᠰᠡᠳᠦᠪ ᠤᠨ ᠳᠤᠭᠤᠷᠢᠨ ᠳᠤ ᠤᠬᠠᠭᠤᠯᠭ᠎ᠠ ᠶᠢᠨ ᠹᠢᠯᠢᠮ ᠦᠵᠡᠬᠦᠯᠬᠦ᠂ | ᠤᠬᠠᠭᠤᠯᠭ᠎ᠠ ᠶᠢᠨ ᠬᠠᠭᠤᠳᠠᠰᠤ ᠳᠠᠷᠬᠠᠭᠠᠬᠤ᠂ ᠠᠰᠠᠭᠤᠨ ᠯᠠᠪᠯᠠᠬᠤ ᠴᠡᠭ ᠳᠤᠬᠢᠷᠠᠭᠤᠯᠵᠤ ᠳᠤᠬᠠᠢ ᠶᠢᠨ ᠳᠠᠯᠠᠪᠤᠷ ᠲᠤ | ᠪᠠᠴᠢᠮ ᠪᠠᠶᠢᠳᠠᠯ ᠢ ᠠᠷᠭᠠᠴᠠᠬᠤ ᠰᠤᠷᠢᠯᠳᠡ ᠬᠢᠬᠦ ᠵᠡᠷᠬᠡ ᠤᠯᠠᠨ ᠳᠦᠮᠡᠨ ᠤ ᠠᠮᠠᠷᠬᠠᠨ ᠤᠢᠢᠯᠠᠭᠠᠨ ᠡᠵᠡᠮᠰᠢᠬᠦ ᠠᠷᠭ᠎ᠠ | ᠬᠡᠯᠪᠡᠷᠢ ᠪᠠᠷ ᠠᠶᠤᠯᠬᠦᠢ ᠦᠢᠯᠡᠳᠪᠦᠷᠢᠯᠡᠯ ᠤᠨ ᠬᠠᠤᠯᠢ ᠴᠠᠭᠠᠵᠠ ᠳᠦᠷᠢᠮ ᠳᠤᠬᠳᠠᠭᠠᠯ᠂ ᠪᠠᠴᠢᠮ ᠪᠠᠶᠢᠳᠠᠯ ᠢ | ᠠᠷᠭᠠᠴᠠᠬᠤ᠂ ᠭᠠᠮᠰᠢᠬ ᠢ ᠰᠡᠷᠬᠡᠶᠢᠯᠡᠨ ᠭᠠᠮᠰᠢᠬ ᠢ ᠪᠠᠭᠠᠰᠬᠠᠬᠤ ᠵᠡᠷᠬᠡ ᠮᠡᠳᠡᠯᠬᠡ ᠶᠢ ᠳᠡᠯᠬᠡᠷᠡᠬᠦᠯᠦᠨ | ᠳᠦᠬᠡᠮᠡᠯᠵᠢᠬᠦᠯᠵᠤ᠂ ᠠᠵᠢᠯᠳᠠᠨ ᠠᠴᠠ ᠤᠯᠠᠨ ᠳᠦᠮᠡᠨ ᠤ ᠠᠰᠠᠭᠤᠨ ᠯᠠᠪᠯᠠᠯᠭ᠎ᠠ ᠳᠤ ᠬᠠᠷᠢᠭᠤᠯᠳᠠ ᠦᠭᠴᠤ᠂ | ᠰᠤᠷᠢᠯᠳᠡ ᠶᠢᠨ ᠠᠬᠤᠢ ᠳᠠᠯᠠᠪᠠᠢ ᠳᠤ ᠤᠯᠠᠨ ᠳᠦᠮᠡᠨ ᠢ ᠪᠡᠶᠡᠴᠢᠯᠡᠨ ᠤᠷᠤᠯᠴᠠᠭᠤᠯᠤᠨ᠂ ᠦᠵᠡᠯᠳᠡ ᠤᠬᠠᠮᠰᠠᠷ ᠢ ᠨᠢ | ᠳᠡᠭᠡᠭᠰᠢᠯᠡᠬᠦᠯᠵᠤ᠂ ᠠᠷᠭ᠎ᠠ ᠮᠡᠳᠡᠯᠬᠡ ᠤᠯᠠᠮᠵᠢᠯᠠᠬᠰᠠᠨ ᠪᠠᠶᠢᠨ᠎ᠠ᠃ | ᠪᠦᠷᠢᠳᠬᠡᠭᠰᠡᠨ ᠢᠶᠠᠷ᠂ ᠠᠵᠢᠯᠯᠠᠭ᠎ᠠ ᠶᠢᠨ ᠬᠤᠭᠤᠴᠠᠭᠠᠨ ᠳᠤ ᠨᠡᠶᠢᠳᠡ 8000 ᠭᠠᠷᠤᠢ ᠤᠯᠠᠨ ᠳᠦᠮᠡᠨ ᠪᠠ | ᠠᠵᠤ ᠠᠬᠤᠢᠢᠯᠡᠯ ᠤᠨ ᠠᠵᠢᠯᠳᠠᠨ ᠤᠷᠤᠯᠴᠠᠵᠤ᠂ ᠠᠶᠤᠯᠬᠦᠢ ᠶᠢᠨ ᠮᠡᠳᠡᠯᠬᠡ᠂ ᠭᠠᠯ ᠤᠨᠳᠠᠷᠠᠭᠠᠬᠤ ᠮᠡᠳᠡᠯᠬᠡ᠂ ᠪᠠᠴᠢᠮ | ᠪᠠᠶᠢᠳᠠᠯ ᠢ ᠰᠢᠢᠳᠪᠦᠷᠢᠯᠡᠬᠦ ᠵᠡᠷᠬᠡ ᠡᠯ ᠡ ᠳᠦᠷᠦᠯ ᠤᠨ ᠤᠬᠠᠭᠤᠯᠭ᠎ᠠ ᠶᠢᠨ ᠪᠢᠴᠢᠭ ᠮᠠᠲ᠋ᠧᠷᠢᠶᠡᠯ ᠢ 2 ᠳᠦᠮᠠ ᠭᠠᠷᠤᠢ | ᠬᠤᠪᠢ ᠳᠠᠷᠬᠠᠭᠠᠵᠤ᠂ 32 ᠠᠰᠠᠭᠤᠨ ᠯᠠᠪᠯᠠᠬᠤ ᠴᠡᠭ ᠭᠠᠷᠭᠠᠨ᠂ 40 ᠤᠬᠠᠭᠤᠯᠭ᠎ᠠ ᠶᠢᠨ ᠪᠤᠯᠤᠩ ᠨᠡᠬᠡᠬᠡᠵᠤ᠂ | ᠬᠤᠷᠢᠭᠠᠳ ᠤᠬᠠᠭᠤᠯᠭ᠎ᠠ ᠶᠢᠨ ᠳᠡᠷᠬᠡ ᠮᠠᠰᠢᠨ ᠤᠷᠤᠯᠴᠠᠪᠠ᠃ |