ᠬᠤᠰᠢᠭᠤ ᠮᠤᠩᠭᠤᠯ ᠦᠨᠳᠦᠰᠦᠲᠡᠨ ᠤ ᠬᠡᠥᠬᠡᠳ ᠤᠨ ᠴᠡᠴᠡᠷᠯᠢᠭ ᠤᠨ ︽ᠭᠦᠰᠡᠯ ᠤᠨ ᠵᠢᠭᠦᠷ︾ ᠤᠷᠠᠨ ᠵᠢᠷᠤᠭ ᠤᠨ ᠦᠵᠡᠰᠭᠦᠯᠡᠩ ᠨᠡᠭᠡᠭᠡᠭᠳᠡᠪᠡ
ᠨᠡᠶᠢᠲᠡᠯᠡᠭᠰᠡᠨ ᠴᠠᠭ᠄
2019-06-21
     ᠮᠠᠨ ᠤ ᠬᠤᠰᠢᠭᠤᠨ ᠤ ᠮᠤᠩᠭᠤᠯ ᠦᠨᠳᠦᠰᠦᠲᠡᠨ ᠤ ᠬᠡᠥᠬᠡᠳ ᠤᠨ ᠴᠡᠴᠡᠷᠯᠢᠭ ᠤᠨ ᠪᠠᠭᠰᠢ ᠬᠡᠥᠬᠡᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠵᠢᠴᠢ ᠨᠠᠮ ᠪᠠᠶᠢᠭᠤᠯᠤᠭᠳᠠᠭᠰᠠᠨ 98 ᠵᠢᠯ ᠤᠨ ᠤᠢ ᠶᠢ ᠤᠭᠲᠤᠨ ᠪᠡᠯᠭᠡᠯᠡᠬᠦ ᠪᠦᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ ᠬᠦᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠲᠦᠭᠡᠮᠡᠯᠵᠢᠭᠦᠯᠬᠦ ︽ᠭᠦᠰᠡᠯ ᠤᠨ ᠵᠢᠭᠦᠷ︾ ᠤᠷᠠᠨ ᠵᠢᠷᠤᠭ ᠤᠨ ᠦᠵᠡᠰᠭᠦᠯᠡᠩ ᠢ ᠬᠤᠰᠢᠭᠤ ᠰᠤᠶᠤᠯ ᠤᠨ ᠪᠦᠲᠦᠭᠡᠯᠲᠡ ᠠᠵᠦ ᠦᠢᠯᠡᠰ ᠤᠨ ᠬᠦᠷᠢᠶᠡᠯᠡᠩ ᠶᠢᠨ ᠤᠯᠠᠨ ᠬᠤᠷᠠᠬᠤ ᠦᠵᠡᠰᠭᠦᠯᠡᠩ ᠶᠢᠨ ᠲᠢᠩᠬᠢᠮ  ᠳᠤ ᠨᠡᠭᠡᠭᠡᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠭᠡᠯᠲᠡᠰ᠂ ᠬᠤᠰᠢᠭᠤ ᠰᠤᠷᠭᠠᠨ ᠬᠦᠮᠦᠵᠢᠯ ᠪᠡᠶ᠎ᠡ ᠲᠠᠮᠢᠷ ᠤᠨ ᠲᠤᠪᠴᠢᠶ᠎ᠠ᠂ ᠤᠳᠬ᠎ᠠ ᠤᠷᠠᠯᠢᠭ ᠤᠨ ᠬᠢᠨ ᠤ ᠬᠤᠯᠪᠤᠭ᠎ᠠ ᠵᠡᠷᠭᠡ ᠪᠠᠶᠢᠭᠤᠯᠭ᠎ᠠ ᠨᠢᠭᠡᠴᠢ  ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠮᠠᠨ ᠤ ᠬᠤᠰᠢᠭᠤᠨ ᠤ  ᠬᠠᠮᠢᠶ᠎ᠠ ᠪᠦᠬᠦᠢ ᠰᠤᠷᠭᠠᠭᠤᠯᠢ᠂ ᠮᠤᠩᠭᠤᠯ ᠦᠨᠳᠦᠰᠦᠲᠡᠨ ᠤ ᠬᠡᠥᠬᠡᠳ ᠤᠨ ᠴᠡᠴᠡᠷᠯᠢᠭ ᠤᠨ ᠪᠠᠭᠰᠢ ᠠᠵᠢᠯᠲᠠᠨ᠂ ᠭᠡᠷ ᠤᠨ  ᠠᠬᠠᠮᠠᠳ ᠤᠨ ᠲᠦᠯᠦᠭᠡᠯᠡᠭᠴᠢ ᠨᠠᠷ ᠤᠷᠠᠨ ᠵᠢᠷᠤᠭ ᠤᠨ ᠦᠵᠡᠰᠭᠦᠯᠡᠩ ᠤᠨ ᠡᠬᠢᠯᠡᠯᠲᠡ ᠶᠢᠨ ᠶᠤᠰᠤᠯᠠᠯ ᠳᠤ ᠤᠷᠤᠯᠴᠠᠪᠠ᠃
     ᠡᠬᠢᠯᠡᠯᠲᠡ ᠶᠢᠨ ᠶᠤᠰᠤᠯᠠᠯ ᠤᠨ ᠲᠠᠷᠠᠭ᠎ᠠ ᠬᠤᠰᠢᠭᠤ ᠮᠤᠩᠭᠤᠯ ᠦᠨᠳᠦᠰᠦᠲᠡᠨ ᠤ ᠬᠡᠥᠬᠡᠳ ᠤᠨ ᠴᠡᠴᠡᠷᠯᠢᠭ  ᠤᠨ ᠪᠠᠭᠰᠢ ᠬᠡᠥᠭᠡᠳ ᠪᠦᠭᠦᠳᠡᠭᠡᠷ ᠭᠠᠷ ᠬᠦᠳᠡᠯᠦᠯᠴᠡᠨ ︽ᠮᠧᠷᠡᠺᠧᠯ︾ ᠤᠷᠠᠨ ᠵᠢᠷᠤᠭ ᠤᠨ ᠵᠢᠭᠠᠨ ᠰᠤᠷᠭᠠᠯᠲᠠ  ᠶᠢᠨ ᠵᠠᠭᠪᠤᠷ ᠲᠠᠬᠢ ᠵᠢᠷᠤᠭᠠᠰᠤ ᠪᠠᠷ ᠠᠩᠬᠢᠯᠠᠬᠤ᠂ ᠤᠷᠤᠮ ᠲᠠᠯᠪᠢᠨ ᠭᠡᠰᠡᠭᠯᠡᠬᠦ᠂ ᠬᠠᠶᠢᠴᠢᠯᠠᠬᠤ᠂ ᠪᠡᠶᠡᠲᠤ ᠪᠤᠯᠭᠠᠬᠤ᠂ ᠲᠤᠭᠯᠠᠭᠠᠮ ᠢᠶᠠᠷ ᠪᠦᠲᠦᠭᠡᠬᠦ ᠵᠡᠷᠭᠡ ᠠᠷᠭ᠎ᠠ ᠶᠢ ᠬᠡᠷᠡᠭᠯᠡᠨ ᠤᠷᠠᠯᠠᠵᠤ ᠪᠦᠲᠦᠭᠡᠭᠰᠡᠨ 500 ᠭᠠᠷᠤᠢ ᠤᠷᠠᠨ ᠪᠦᠲᠦᠭᠡᠯ ᠢ ᠳᠡᠯᠭᠡᠨ ᠦᠵᠡᠬᠦᠯᠵᠦ ᠡᠯ᠎ᠡ ᠪᠠᠶᠢᠭᠤᠯᠭ᠎ᠠ  ᠨᠢᠭᠡᠴᠢ ᠶᠢᠨ ᠠᠵᠢᠯᠲᠠᠨ᠂ ᠪᠠᠭᠰᠢ᠂ ᠭᠡᠷ ᠤᠨ ᠠᠬᠠᠮᠠᠳ ᠲᠤᠭᠤᠷᠢᠨ ᠰᠤᠨᠢᠷᠬᠠᠪᠠ᠃
     ᠤᠶᠢᠯᠠᠭᠠᠭᠰᠠᠨ ᠢᠶᠠᠷ᠂ ᠲᠤᠰ ᠤᠳᠠᠭᠠᠨ ᠤ ᠤᠷᠠᠨ ᠵᠢᠷᠤᠭ ᠤᠨ ᠦᠵᠡᠰᠭᠦᠯᠡᠩ ᠢ ᠬᠤᠰᠢᠭᠤ ᠰᠤᠷᠭᠠᠨ ᠬᠦᠮᠦᠵᠢᠯ ᠪᠡᠶ᠎ᠡ ᠲᠠᠮᠢᠷ ᠤᠨ ᠲᠤᠪᠴᠢᠶ᠎ᠠ ᠠᠴᠠ ᠭᠤᠤᠯᠯᠠᠨ ᠡᠷᠬᠢᠯᠡᠵᠦ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠮᠤᠩᠭᠤᠯ ᠦᠨᠳᠦᠰᠦᠲᠡᠨ   ᠤ ᠬᠡᠥᠬᠡᠳ ᠤᠨ ᠴᠡᠴᠡᠷᠯᠢᠭ ᠠᠴᠠ ᠲᠠᠭᠠᠭᠠᠴᠢᠯᠠᠨ ᠡᠷᠬᠢᠯᠡᠵᠦ 6 ᠰᠠᠷ᠎ᠠ ᠶᠢᠨ 20 ᠤ ᠡᠳᠦᠷ ᠠᠴᠠ 7 ᠰᠠᠷ᠎ᠠ ᠶᠢᠨ 1 ᠤ ᠡᠳᠦᠷ ᠬᠦᠷᠲᠡᠯ᠎ᠡ ᠲᠡᠯᠭᠡᠨ ᠦᠵᠡᠭᠦᠯᠬᠦ ᠪᠠᠷ ᠪᠠᠶᠢᠨ᠎ᠠ᠃      ᠦᠥᠰᠢᠨ ᠬᠤᠰᠢᠭᠤᠨ ᠤ ᠮᠤᠩᠭᠤᠯ ᠦᠨᠳᠦᠰᠦᠲᠡᠨ ᠤ ᠬᠡᠥᠬᠡᠳ ᠤᠨ ᠴᠡᠴᠡᠷᠯᠢᠭ ᠤᠨ ᠨᠠᠮ ᠤᠨ ᠡᠭᠦᠷ ᠤᠨ ᠱᠦᠵᠢ   ᠬᠤᠩ ᠰᠢᠶᠠ᠄ ︽ᠮᠧᠷᠡᠺᠧᠯ ᠢᠶᠠᠷ ᠵᠢᠭᠠᠨ ᠰᠤᠷᠭᠠᠬᠤ ᠭᠤᠤᠯ ᠲᠤᠪᠤᠶᠢᠮ᠎ᠠ ᠤᠨᠴᠠᠯᠢᠭ ᠨᠢ ᠬᠡᠥᠬᠡᠳ ᠤᠨ ᠰᠡᠳᠬᠢᠨ ᠪᠤᠳᠤᠬᠤ ᠴᠢᠳᠠᠪᠤᠷᠢ ᠪᠤᠯᠤᠨ ᠬᠤᠯᠪᠤᠨ ᠪᠤᠳᠤᠬᠤ ᠴᠢᠳᠠᠪᠤᠷᠢ ᠶᠢ ᠬᠦᠮᠦᠵᠢᠭᠦᠯᠦᠨ᠂ ᠤᠭ ᠤᠨ ᠭᠡᠪᠰᠢᠮᠡᠯ ᠵᠢᠭᠠᠨ ᠰᠤᠷᠭᠠᠯᠲᠠ ᠶᠢᠨ ᠠᠷᠭ᠎ᠠ ᠠᠴᠠ ᠵᠠᠶᠢᠯᠠᠭᠤᠯᠵᠤ ᠴᠢᠳᠠᠨ᠎ᠠ᠃ ᠬᠡᠳᠦᠨ ᠵᠢᠯ ᠤᠨ ᠲᠤᠷᠰᠢ ᠲᠤᠷᠰᠢᠨ ᠬᠢᠭᠰᠡᠨ ᠵᠢᠭᠠᠨ ᠰᠤᠷᠭᠠᠯᠲᠠ ᠶᠢᠨ ᠠᠷᠭ᠎ᠠ ᠨᠢ ᠮᠠᠰᠢ ᠠᠮᠵᠢᠯᠲᠠ ᠤᠯᠤᠭᠰᠠᠨ ᠭᠡᠳᠡᠭ ᠢ ᠦᠵᠡᠰᠭᠦᠯᠡᠩ ᠠᠴᠠ ᠤᠯᠵᠤ ᠬᠠᠷᠠᠵᠤ ᠪᠤᠯᠤᠨ᠎ᠠ︾ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号