| | | | | ᠮᠠᠨ ᠤ ᠬᠤᠰᠢᠭᠤᠨ ᠤ ᠮᠤᠩᠭᠤᠯ ᠦᠨᠳᠦᠰᠦᠲᠡᠨ ᠤ ᠬᠡᠥᠬᠡᠳ ᠤᠨ ᠴᠡᠴᠡᠷᠯᠢᠭ ᠤᠨ ᠪᠠᠭᠰᠢ ᠬᠡᠥᠬᠡᠳ ᠤᠯᠤᠰ | ᠪᠠᠶᠢᠭᠤᠯᠤᠭᠳᠠᠭᠰᠠᠨ 70 ᠵᠢᠯ ᠤᠨ ᠤᠢ ᠵᠢᠴᠢ ᠨᠠᠮ ᠪᠠᠶᠢᠭᠤᠯᠤᠭᠳᠠᠭᠰᠠᠨ 98 ᠵᠢᠯ ᠤᠨ ᠤᠢ ᠶᠢ ᠤᠭᠲᠤᠨ ᠪᠡᠯᠭᠡᠯᠡᠬᠦ ᠪᠦᠬᠦ | ᠤᠯᠤᠰ ᠤᠨ ᠰᠤᠷᠬᠤ ᠨᠠᠰᠤᠨ ᠠᠴᠠ ᠡᠮᠦᠨᠡᠬᠢ ᠬᠦᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ | ᠲᠦᠭᠡᠮᠡᠯᠵᠢᠭᠦᠯᠬᠦ ︽ᠭᠦᠰᠡᠯ ᠤᠨ ᠵᠢᠭᠦᠷ︾ ᠤᠷᠠᠨ ᠵᠢᠷᠤᠭ ᠤᠨ ᠦᠵᠡᠰᠭᠦᠯᠡᠩ ᠢ ᠬᠤᠰᠢᠭᠤ ᠰᠤᠶᠤᠯ ᠤᠨ ᠪᠦᠲᠦᠭᠡᠯᠲᠡ | ᠠᠵᠦ ᠦᠢᠯᠡᠰ ᠤᠨ ᠬᠦᠷᠢᠶᠡᠯᠡᠩ ᠶᠢᠨ ᠤᠯᠠᠨ ᠬᠤᠷᠠᠬᠤ ᠦᠵᠡᠰᠭᠦᠯᠡᠩ ᠶᠢᠨ ᠲᠢᠩᠬᠢᠮ ᠳᠤ ᠨᠡᠭᠡᠭᠡᠭᠰᠡᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠭᠡᠯᠲᠡᠰ᠂ ᠬᠤᠰᠢᠭᠤ ᠰᠤᠷᠭᠠᠨ ᠬᠦᠮᠦᠵᠢᠯ ᠪᠡᠶ᠎ᠡ ᠲᠠᠮᠢᠷ ᠤᠨ ᠲᠤᠪᠴᠢᠶ᠎ᠠ᠂ | ᠤᠳᠬ᠎ᠠ ᠤᠷᠠᠯᠢᠭ ᠤᠨ ᠬᠢᠨ ᠤ ᠬᠤᠯᠪᠤᠭ᠎ᠠ ᠵᠡᠷᠭᠡ ᠪᠠᠶᠢᠭᠤᠯᠭ᠎ᠠ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ | ᠮᠠᠨ ᠤ ᠬᠤᠰᠢᠭᠤᠨ ᠤ ᠬᠠᠮᠢᠶ᠎ᠠ ᠪᠦᠬᠦᠢ ᠰᠤᠷᠭᠠᠭᠤᠯᠢ᠂ ᠮᠤᠩᠭᠤᠯ ᠦᠨᠳᠦᠰᠦᠲᠡᠨ ᠤ ᠬᠡᠥᠬᠡᠳ ᠤᠨ ᠴᠡᠴᠡᠷᠯᠢᠭ ᠤᠨ | ᠪᠠᠭᠰᠢ ᠠᠵᠢᠯᠲᠠᠨ᠂ ᠭᠡᠷ ᠤᠨ ᠠᠬᠠᠮᠠᠳ ᠤᠨ ᠲᠦᠯᠦᠭᠡᠯᠡᠭᠴᠢ ᠨᠠᠷ ᠤᠷᠠᠨ ᠵᠢᠷᠤᠭ ᠤᠨ ᠦᠵᠡᠰᠭᠦᠯᠡᠩ ᠤᠨ ᠡᠬᠢᠯᠡᠯᠲᠡ ᠶᠢᠨ | ᠶᠤᠰᠤᠯᠠᠯ ᠳᠤ ᠤᠷᠤᠯᠴᠠᠪᠠ᠃ | | | | | | | ᠡᠬᠢᠯᠡᠯᠲᠡ ᠶᠢᠨ ᠶᠤᠰᠤᠯᠠᠯ ᠤᠨ ᠲᠠᠷᠠᠭ᠎ᠠ ᠬᠤᠰᠢᠭᠤ ᠮᠤᠩᠭᠤᠯ ᠦᠨᠳᠦᠰᠦᠲᠡᠨ ᠤ ᠬᠡᠥᠬᠡᠳ ᠤᠨ ᠴᠡᠴᠡᠷᠯᠢᠭ ᠤᠨ | ᠪᠠᠭᠰᠢ ᠬᠡᠥᠭᠡᠳ ᠪᠦᠭᠦᠳᠡᠭᠡᠷ ᠭᠠᠷ ᠬᠦᠳᠡᠯᠦᠯᠴᠡᠨ ︽ᠮᠧᠷᠡᠺᠧᠯ︾ ᠤᠷᠠᠨ ᠵᠢᠷᠤᠭ ᠤᠨ ᠵᠢᠭᠠᠨ ᠰᠤᠷᠭᠠᠯᠲᠠ ᠶᠢᠨ ᠵᠠᠭᠪᠤᠷ | ᠲᠠᠬᠢ ᠵᠢᠷᠤᠭᠠᠰᠤ ᠪᠠᠷ ᠠᠩᠬᠢᠯᠠᠬᠤ᠂ ᠤᠷᠤᠮ ᠲᠠᠯᠪᠢᠨ ᠭᠡᠰᠡᠭᠯᠡᠬᠦ᠂ ᠬᠠᠶᠢᠴᠢᠯᠠᠬᠤ᠂ ᠪᠡᠶᠡᠲᠤ ᠪᠤᠯᠭᠠᠬᠤ᠂ ᠲᠤᠭᠯᠠᠭᠠᠮ ᠢᠶᠠᠷ | ᠪᠦᠲᠦᠭᠡᠬᠦ ᠵᠡᠷᠭᠡ ᠠᠷᠭ᠎ᠠ ᠶᠢ ᠬᠡᠷᠡᠭᠯᠡᠨ ᠤᠷᠠᠯᠠᠵᠤ ᠪᠦᠲᠦᠭᠡᠭᠰᠡᠨ 500 ᠭᠠᠷᠤᠢ ᠤᠷᠠᠨ ᠪᠦᠲᠦᠭᠡᠯ ᠢ ᠳᠡᠯᠭᠡᠨ ᠦᠵᠡᠬᠦᠯᠵᠦ | ᠡᠯ᠎ᠡ ᠪᠠᠶᠢᠭᠤᠯᠭ᠎ᠠ ᠨᠢᠭᠡᠴᠢ ᠶᠢᠨ ᠠᠵᠢᠯᠲᠠᠨ᠂ ᠪᠠᠭᠰᠢ᠂ ᠭᠡᠷ ᠤᠨ ᠠᠬᠠᠮᠠᠳ ᠲᠤᠭᠤᠷᠢᠨ ᠰᠤᠨᠢᠷᠬᠠᠪᠠ᠃ | | | | | | | | | | | | | | | | | | | | | | | | | ᠤᠶᠢᠯᠠᠭᠠᠭᠰᠠᠨ ᠢᠶᠠᠷ᠂ ᠲᠤᠰ ᠤᠳᠠᠭᠠᠨ ᠤ ᠤᠷᠠᠨ ᠵᠢᠷᠤᠭ ᠤᠨ ᠦᠵᠡᠰᠭᠦᠯᠡᠩ ᠢ ᠬᠤᠰᠢᠭᠤ ᠰᠤᠷᠭᠠᠨ ᠬᠦᠮᠦᠵᠢᠯ | ᠪᠡᠶ᠎ᠡ ᠲᠠᠮᠢᠷ ᠤᠨ ᠲᠤᠪᠴᠢᠶ᠎ᠠ ᠠᠴᠠ ᠭᠤᠤᠯᠯᠠᠨ ᠡᠷᠬᠢᠯᠡᠵᠦ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠮᠤᠩᠭᠤᠯ | ᠦᠨᠳᠦᠰᠦᠲᠡᠨ ᠤ ᠬᠡᠥᠬᠡᠳ ᠤᠨ ᠴᠡᠴᠡᠷᠯᠢᠭ ᠠᠴᠠ ᠲᠠᠭᠠᠭᠠᠴᠢᠯᠠᠨ ᠡᠷᠬᠢᠯᠡᠵᠦ 6 ᠰᠠᠷ᠎ᠠ ᠶᠢᠨ 20 ᠤ ᠡᠳᠦᠷ ᠠᠴᠠ 7 | ᠰᠠᠷ᠎ᠠ ᠶᠢᠨ 1 ᠤ ᠡᠳᠦᠷ ᠬᠦᠷᠲᠡᠯ᠎ᠡ ᠲᠡᠯᠭᠡᠨ ᠦᠵᠡᠭᠦᠯᠬᠦ ᠪᠠᠷ ᠪᠠᠶᠢᠨ᠎ᠠ᠃ | ᠦᠥᠰᠢᠨ ᠬᠤᠰᠢᠭᠤᠨ ᠤ ᠮᠤᠩᠭᠤᠯ ᠦᠨᠳᠦᠰᠦᠲᠡᠨ ᠤ ᠬᠡᠥᠬᠡᠳ ᠤᠨ ᠴᠡᠴᠡᠷᠯᠢᠭ ᠤᠨ ᠨᠠᠮ ᠤᠨ ᠡᠭᠦᠷ ᠤᠨ ᠱᠦᠵᠢ | ᠬᠤᠩ ᠰᠢᠶᠠ᠄ ︽ᠮᠧᠷᠡᠺᠧᠯ ᠢᠶᠠᠷ ᠵᠢᠭᠠᠨ ᠰᠤᠷᠭᠠᠬᠤ ᠭᠤᠤᠯ ᠲᠤᠪᠤᠶᠢᠮ᠎ᠠ ᠤᠨᠴᠠᠯᠢᠭ ᠨᠢ ᠬᠡᠥᠬᠡᠳ ᠤᠨ ᠰᠡᠳᠬᠢᠨ ᠪᠤᠳᠤᠬᠤ | ᠴᠢᠳᠠᠪᠤᠷᠢ ᠪᠤᠯᠤᠨ ᠬᠤᠯᠪᠤᠨ ᠪᠤᠳᠤᠬᠤ ᠴᠢᠳᠠᠪᠤᠷᠢ ᠶᠢ ᠬᠦᠮᠦᠵᠢᠭᠦᠯᠦᠨ᠂ ᠤᠭ ᠤᠨ ᠭᠡᠪᠰᠢᠮᠡᠯ ᠵᠢᠭᠠᠨ ᠰᠤᠷᠭᠠᠯᠲᠠ ᠶᠢᠨ | ᠠᠷᠭ᠎ᠠ ᠠᠴᠠ ᠵᠠᠶᠢᠯᠠᠭᠤᠯᠵᠤ ᠴᠢᠳᠠᠨ᠎ᠠ᠃ ᠬᠡᠳᠦᠨ ᠵᠢᠯ ᠤᠨ ᠲᠤᠷᠰᠢ ᠲᠤᠷᠰᠢᠨ ᠬᠢᠭᠰᠡᠨ ᠵᠢᠭᠠᠨ ᠰᠤᠷᠭᠠᠯᠲᠠ ᠶᠢᠨ ᠠᠷᠭ᠎ᠠ ᠨᠢ | ᠮᠠᠰᠢ ᠠᠮᠵᠢᠯᠲᠠ ᠤᠯᠤᠭᠰᠠᠨ ᠭᠡᠳᠡᠭ ᠢ ᠦᠵᠡᠰᠭᠦᠯᠡᠩ ᠠᠴᠠ ᠤᠯᠵᠤ ᠬᠠᠷᠠᠵᠤ ᠪᠤᠯᠤᠨ᠎ᠠ︾ ᠬᠡᠪᠡ᠃ | | | | | | | | | | | | | | | | | | | | | | | | | |