ᠲᠤᠬᠢᠷᠠᠮᠵᠢᠳᠠᠢ ᠲᠦᠰᠦᠯ ᠢ ᠲᠤᠭᠳᠠᠭᠠᠨ ᠬᠡᠷᠡᠭᠵᠢᠬᠦᠯᠵᠦ ᠲᠤᠭᠤᠰᠢᠲᠠᠢ ᠪᠠᠷ ᠶᠠᠳᠠᠭᠤ ᠶᠢ ᠲᠡᠳᠬᠦᠭᠰᠡᠨ ᠨᠢᠬᠡᠳᠦᠬᠡᠷ ᠱᠦᠵᠢ — ᠰᠠᠷᠠᠭᠤᠯ
ᠨᠡᠶᠢᠲᠡᠯᠡᠭᠰᠡᠨ ᠴᠠᠭ᠄
2019-06-21
     ᠶᠠᠳᠠᠭᠤᠷᠠᠭᠰᠠᠨ ᠰᠢᠯᠳᠠᠭᠠᠨ ᠢ ᠤᠨᠤᠪᠴᠢᠳᠠᠢ ᠣᠯᠵᠦ ᠰᠢᠪᠳᠤᠯᠤᠯᠳᠠ ᠶᠢᠨ ᠵᠠᠮ ᠡᠷᠢᠯᠬᠢᠯᠡᠬᠦ᠂ ᠤᠯᠠᠨ ᠲᠦᠮᠡᠨ ᠲᠠᠢ ᠰᠡᠳᠬᠢᠯ ᠢᠶᠠᠨ ᠬᠤᠯᠪᠤᠵᠤ ᠲᠡᠳᠡᠨ ᠤ ᠲᠤᠳᠤᠨᠤ ᠬᠦᠮᠦᠨ ᠨᠢ ᠪᠤᠯᠬᠤ᠂ ᠤᠶᠤᠨ ᠰᠠᠨᠠᠭᠠᠨ ᠤ ᠤᠬᠠᠭᠤᠯᠭ᠎ᠠ ᠪᠠᠷ ᠰᠢᠨ᠎ᠡ ᠬᠡᠪ ᠰᠤᠷᠳᠠᠯ ᠢ ᠡᠬᠦᠳᠬᠦ᠂ ᠨᠠᠮ ᠤᠨ ᠪᠠᠶᠢᠭᠤᠯᠤᠯᠳᠠ ᠪᠠᠷ ᠤᠯᠠᠨ ᠢ ᠨᠢᠭᠳᠠᠷᠠᠭᠤᠯᠵᠤ ᠬᠠᠮᠳᠤ ᠳᠠᠭᠠᠨ ᠰᠢᠨ᠎ᠡ ᠠᠷᠭ᠎ᠠ ᠪᠠᠷᠢᠯ ᠢ ᠰᠦᠪᠡᠭᠴᠢᠯᠡᠬᠦ ᠡᠳᠡᠬᠡᠷ ᠤᠯᠠᠨ ᠠᠷᠭ᠎ᠠ ᠪᠠᠷᠢᠯ ᠢ ᠤᠯᠠᠭᠠᠨᠳᠤᠯᠤᠭᠠᠢ ᠪᠠᠯᠭᠠᠰᠤᠨ ᠤ ᠪᠠᠶ᠋ᠬᠠᠤᠪᠤᠭ᠎ᠠ ᠭᠠᠴᠠᠭᠠᠨ ᠳᠤ ᠲᠤᠮᠢᠯᠠᠭᠳᠠᠨ ᠰᠠᠭᠤᠭ᠎ᠠ ᠰᠠᠷᠠᠭᠤᠯ ᠱᠦᠵᠢ ᠡᠳᠦᠷ ᠪᠤᠯᠭᠠᠨ ᠪᠤᠳᠤᠯᠬᠢᠯᠠᠨ ᠬᠡᠷᠡᠭᠵᠢᠬᠦᠯᠵᠦ ᠪᠤᠳᠠᠳᠠᠢ ᠦᠢᠯᠡᠳᠦᠯᠬᠡᠵᠢᠬᠦᠯᠦᠭᠰᠡᠨ ᠢᠶᠠᠷ ᠭᠠᠴᠠᠭᠠᠨ ᠤ ᠪᠠᠨ ᠬᠦᠴᠢᠷᠳᠡᠯᠳᠡᠢ ᠡᠷᠦᠬᠡ ᠶᠢ ᠶᠠᠳᠠᠭᠤ ᠠᠴᠠ ᠠᠩᠬᠢᠵᠢᠷᠠᠭᠤᠯᠵᠤ ᠶᠠᠳᠠᠭᠤ ᠠᠴᠠ ᠠᠩᠬᠢᠵᠢᠷᠠᠭᠰᠠᠨ ᠦᠷ᠎ᠡ ᠪᠦᠳᠦᠬᠡᠯ ᠢ ᠪᠠᠳᠤᠳᠬᠠᠬᠤ ᠱᠠᠳᠤᠨ ᠳᠤ ᠤᠷᠤᠭᠤᠯᠵᠤ ᠴᠢᠳᠠᠭᠰᠠᠨ ᠪᠠᠶᠢᠨ᠎ᠠ᠃      ᠤᠯᠠᠭᠠᠨᠳᠤᠯᠤᠭᠠᠢ ᠪᠠᠯᠭᠠᠰᠤᠨ ᠤ ᠪᠠᠶ᠋ᠬᠠᠤᠪᠤᠭ᠎ᠠ ᠭᠠᠴᠠᠭᠠᠨ ᠤ ᠵᠢᠢ ᠱᠢ ᠯᠢᠨ ᠪᠤᠯ ᠤᠯᠤᠰ ᠤᠨ ᠲᠡᠰ ᠤᠨ ᠶᠠᠳᠠᠭᠤ ᠬᠦᠴᠢᠷᠳᠡᠯᠳᠡᠢ ᠡᠷᠦᠬᠡ ᠪᠠᠶᠢᠵᠠᠢ᠃ ᠭᠠᠴᠠᠭᠠᠨ ᠳᠤ ᠲᠤᠮᠢᠯᠠᠭᠳᠠᠨ ᠰᠠᠭᠤᠭ᠎ᠠ ᠨᠢᠬᠡᠳᠦᠬᠡᠷ ᠱᠦᠵᠢ ᠰᠠᠷᠠᠭᠤᠯ  ᠤᠨ ᠬᠠᠪᠰᠤᠷᠤᠯᠭ᠎ᠠ ᠵᠤᠬᠢᠴᠠᠭᠤᠯᠭ᠎ᠠ ᠪᠠᠷ ᠬᠡᠷ ᠪᠠᠶᠢᠰᠢᠩ᠂ ᠴᠠᠬᠢᠯᠭᠠᠨ᠂ ᠬᠤᠳᠳᠤᠭ᠂ ᠤᠰᠤᠯᠠᠯᠳᠠ ᠶᠢᠨ ᠲᠦᠬᠦᠬᠡᠷᠤᠮᠵᠢ ᠵᠡᠷᠬᠡ ᠶᠢ ᠢᠵᠢ ᠪᠦᠷᠢᠯᠳᠦᠬᠦᠯᠵᠦ ᠨᠢᠬᠡᠨᠳᠡ ᠶᠠᠳᠠᠭᠤ ᠠᠴᠠ ᠠᠩᠬᠢᠵᠢᠷᠠᠨ ᠶᠠᠳᠠᠭᠤ ᠠᠴᠠ ᠠᠩᠬᠢᠵᠢᠷᠠᠭᠰᠠᠨ ᠦᠷ᠎ᠡ ᠪᠦᠳᠦᠬᠡᠯ ᠢ ᠪᠠᠳᠤᠳᠬᠠᠬᠤ ᠱᠠᠳᠤᠨ ᠳᠤ ᠤᠷᠤᠭᠠᠳ ᠪᠠᠶᠢᠭ᠎ᠠ ᠶᠤᠮ᠃ ᠰᠠᠷᠠᠭᠤᠯ ᠱᠦᠵᠢ ᠵᠢᠢ ᠱᠢ ᠯᠢᠨ ᠤ ᠪᠤᠳᠠᠳᠤ ᠪᠠᠶᠢᠳᠠᠯ ᠢ ᠦᠨᠳᠦᠰᠦᠯᠡᠨ ᠡᠨᠡ ᠵᠢᠯ ᠲᠡᠬᠦᠨ ᠳᠤ ᠲᠷᠺᠲ᠋ᠤᠷ᠂ ᠦᠷ᠎ᠡ ᠬᠦᠷᠦᠩᠬᠡ ᠶᠢ ᠲᠦᠬᠦᠷᠵᠢᠬᠦᠯᠵᠦ 25 ᠮᠤ᠋ ᠶᠢᠨ ᠪᠤᠷᠤ ᠴᠠᠷᠭᠠᠰᠤ ᠲᠠᠷᠢᠭᠤᠯᠪᠠ᠃      ᠵᠢᠢ ᠱᠢ ᠯᠢᠨ᠄ ︽ᠰᠠᠷᠠᠭᠤᠯ ᠱᠦᠵᠢ ᠨᠠᠮ᠎ᠠ ᠶᠢ ᠤᠯᠠᠨ ᠲᠠᠯ᠎ᠠ ᠪᠠᠷ ᠬᠠᠪᠰᠤᠷᠴᠤ ᠲᠡᠳᠬᠦᠵᠤ ᠢᠷᠡᠭᠰᠡᠨ ᠶᠤᠮ ᠃ ᠪᠢ ᠡᠨᠡ ᠵᠢᠯ ᠤᠨ ᠲᠠᠷᠢᠭᠰᠠᠨ ᠪᠤᠷᠤ ᠴᠠᠷᠭᠠᠰᠤᠨ ᠳᠠᠭᠠᠨ ᠲᠦᠰᠢᠭᠯᠡᠵᠦ ᠲᠡᠵᠢᠬᠡᠪᠤᠷᠢ ᠶᠢᠨ ᠦᠢᠯᠡᠰ ᠡᠷᠬᠢᠯᠡᠵᠦ ᠤᠷᠤᠯᠭ᠎ᠠ ᠪᠠᠨ ᠨᠡᠮᠡᠭᠳᠡᠬᠦᠯᠤᠨ ᠠᠮᠢᠳᠤᠷᠠᠯ ᠢᠶᠠᠨ ᠰᠠᠶᠢᠵᠢᠷᠠᠭᠤᠯᠤᠶ᠎ᠠ ᠬᠡᠰᠡᠨ ᠲᠦᠯᠦᠪᠯᠡᠭᠡ ᠲᠠᠢ ᠪᠠᠶᠢᠨ᠎ᠠ︾ ᠬᠡᠪᠡ᠃      ᠤᠯᠠᠭᠠᠨᠳᠤᠯᠤᠭᠠᠢ ᠪᠠᠯᠭᠠᠰᠤᠨ ᠤ ᠪᠠᠶ᠋ᠬᠠᠤᠪᠤᠭ᠎ᠠ ᠭᠠᠴᠠᠭᠠᠨ ᠤ ᠮᠠᠯᠴᠢᠨ ᠡᠷᠳᠡᠨᠢᠨᠴᠤᠭᠳᠤ ᠬᠦᠨᠳᠦ ᠡᠪᠡᠳᠴᠢᠨ  ᠳᠤ ᠨᠡᠷᠪᠡᠭᠳᠡᠵᠤ ᠦᠷᠢ ᠰᠢᠷᠢᠨ ᠳᠤ ᠠᠪᠳᠠᠭᠰᠠᠨ ᠢᠶᠠᠷ ᠤᠯᠤᠰ ᠤᠨ ᠲᠡᠰ ᠤᠨ ᠶᠠᠳᠠᠭᠤ ᠬᠦᠴᠢᠷᠳᠡᠯᠳᠡᠢ ᠡᠷᠦᠬᠡ ᠪᠤᠯᠤᠭᠰᠠᠨ ᠪᠠᠶᠢᠵᠠᠢ᠃ ᠭᠠᠴᠠᠭᠠᠨ ᠳᠤ ᠲᠤᠮᠢᠯᠠᠭᠳᠠᠨ ᠰᠠᠭᠤᠭ᠎ᠠ ᠨᠢᠬᠡᠳᠦᠬᠡᠷ ᠱᠦᠵᠢ ᠰᠠᠷᠠᠭᠤᠯ ᠲᠤᠰ ᠡᠷᠦᠬᠡ ᠶᠢᠨ ᠪᠤᠳᠠᠳᠤ ᠪᠠᠶᠢᠳᠠᠯ ᠳᠤ ᠵᠤᠬᠢᠴᠠᠭᠤᠯᠤᠨ ᠰᠠᠭᠤᠷᠢ ᠲᠦᠬᠦᠬᠡᠷᠤᠮᠵᠢ ᠶᠢ ᠪᠦᠷᠢᠯᠳᠦᠬᠦᠯᠵᠦ ᠦᠭᠬᠦ ᠶᠢᠨ ᠬᠠᠮᠳᠤ ᠮᠠᠯᠵᠢᠬᠤ  ᠠᠴᠠ ᠬᠤᠨᠢ ᠦᠬᠡᠷ᠂ ᠲᠠᠷᠢᠬᠤ ᠠᠴᠠ 60 ᠮᠤ᠋ ᠶᠢᠨ ᠤᠰᠤᠨ ᠭᠠᠵᠠᠷ ᠲᠠᠢ ᠪᠤᠯᠭᠠᠭᠰᠠᠨ ᠠᠴᠠ ᠵᠢᠯ ᠤᠨ ᠬᠤᠶᠠᠷ ᠲᠦᠮᠡᠨ ᠲᠦᠭᠦᠷᠢᠭ ᠤᠨ ᠴᠡᠪᠡᠷ ᠤᠷᠤᠯᠭ᠎ᠠ ᠲᠠᠢ ᠪᠤᠯᠵᠦ ᠡᠷᠳᠡᠨᠢᠨᠴᠤᠭᠳᠤ ᠶᠢᠨ ᠪᠠᠶᠠᠵᠢᠨ ᠴᠢᠨᠡᠬᠡᠯᠢᠭᠵᠢᠬᠦ ᠢᠳᠡᠬᠡᠯ ᠵᠤᠷᠢᠭ ᠨᠢ ᠬᠦᠪᠴᠢᠯᠡᠭᠳᠡᠵᠤ ᠦᠪᠡᠷ ᠤᠨ ᠰᠢᠷᠭᠠᠭᠤ ᠬᠦᠳᠡᠯᠮᠦᠷᠢ ᠪᠠᠷ ᠢᠶᠠᠨ ᠶᠠᠳᠠᠭᠤ ᠠᠴᠠ ᠠᠩᠬᠢᠵᠢᠷᠠᠭᠰᠠᠨ ᠦᠷ᠎ᠡ ᠪᠦᠳᠦᠬᠡᠯ ᠢᠶᠠᠨ ᠪᠠᠬᠢᠵᠢᠬᠦᠯᠦᠨ᠎ᠡ ᠬᠡᠵᠦ ᠪᠠᠶᠢᠪᠠ᠃      ᠮᠠᠨ ᠤ ᠬᠤᠰᠢᠭᠤᠨ ᠤ ᠬᠢᠨᠠᠨ ᠪᠤᠳᠤᠬᠤ ᠲᠤᠪᠴᠢᠶᠠᠨ ᠳᠤ ᠠᠵᠢᠯ ᠠᠯᠪᠠ ᠲᠠᠢ ᠰᠠᠷᠠᠭᠤᠯ 2014 ᠤᠨ ᠳᠤ ᠤᠯᠠᠭᠠᠨᠳᠤᠯᠤᠭᠠᠢ ᠪᠠᠯᠭᠠᠰᠤᠨ ᠤ ᠪᠠᠶ᠋ᠬᠠᠤᠪᠤᠭ᠎ᠠ ᠭᠠᠴᠠᠭᠠᠨ ᠳᠤ ᠨᠢᠬᠡᠳᠦᠬᠡᠷ ᠱᠦᠵᠢ ᠪᠠᠷ ᠲᠤᠮᠢᠯᠠᠭᠳᠠᠨ ᠢᠷᠡᠵᠤ ᠠᠵᠢᠯᠯᠠᠵᠠᠢ᠃ ᠲᠤᠮᠢᠯᠠᠭᠳᠠᠨ ᠢᠷᠡᠭᠰᠡᠨ ᠡᠳᠦᠷ ᠠᠴᠠ ᠪᠠᠨ ᠶᠠᠳᠠᠭᠤ ᠶᠢ ᠲᠡᠳᠬᠦᠬᠦ ᠠᠵᠢᠯ ᠢ ᠲᠡᠷᠢᠬᠦᠨ ᠪᠠᠶᠢᠷᠢᠨ ᠳᠤ ᠲᠠᠯᠪᠢᠨ ᠶᠠᠳᠠᠭᠤ ᠡᠷᠦᠬᠡ ᠪᠠᠷ ᠬᠦᠷᠴᠤ ᠶᠠᠳᠠᠭᠤᠷᠠᠭᠰᠠᠨ ᠰᠢᠯᠳᠠᠭᠠᠨ ᠢ ᠤᠯᠤᠨ ᠲᠡᠳᠬᠦᠬᠦ ᠠᠷᠭ᠎ᠠ ᠪᠠᠷᠢᠯ ᠲᠤᠭᠳᠠᠭᠠᠬᠤ᠂ ᠶᠠᠳᠠᠭᠤ ᠡᠷᠦᠬᠡ ᠶᠢᠨ ᠦᠵᠡᠯ ᠰᠠᠨᠠᠭᠠᠨ ᠤ ᠶᠠᠳᠠᠭᠤᠷᠠᠯ ᠢ ᠠᠷᠢᠯᠭᠠᠵᠤ ᠢᠳᠡᠬᠡᠯ ᠵᠤᠷᠢᠭ ᠢ ᠬᠦᠪᠴᠢᠯᠠᠬᠦ᠂ ᠲᠡᠬᠡᠷ᠎ᠡ ᠱᠠᠳᠤᠨ ᠤ ᠲᠦᠷᠦᠯ ᠵᠦᠢᠯ ᠢ ᠢᠳᠡᠪᠬᠢᠳᠡᠢ ᠤᠯᠬᠤ᠂ ᠡᠯ᠎ᠡ ᠰᠠᠯᠠᠭ᠎ᠠ ᠮᠦᠴᠢᠷ ᠪᠠ ᠶᠠᠳᠠᠭᠤ ᠡᠷᠦᠬᠡ ᠶᠢᠨ ᠬᠤᠭᠤᠷᠤᠨᠳᠤᠬᠢ ᠬᠠᠮᠵᠢᠯᠴᠠᠭ᠎ᠠ ᠶᠢ ᠰᠢᠯᠤᠭᠤᠳᠬᠠᠬᠤ ᠵᠡᠷᠬᠡ ᠤᠯᠠᠨ ᠠᠵᠢᠯ ᠳᠤ ᠪᠤᠷᠪᠢ ᠪᠤᠬᠢᠰᠬᠢᠯ ᠦᠬᠡᠢ ᠵᠢᠳᠬᠦᠭᠰᠡᠬᠡᠷ ᠢᠷᠡᠵᠡᠢ᠃      ᠤᠯᠠᠭᠠᠨᠳᠤᠯᠤᠭᠠᠢ ᠪᠠᠯᠭᠠᠰᠤᠨ ᠤ ᠪᠠᠶ᠋ᠬᠠᠤᠪᠤᠭ᠎ᠠ ᠭᠠᠴᠠᠭᠠᠨ ᠤ ᠨᠠᠮ ᠤᠨ ᠡᠬᠦᠷ ᠤᠨ ᠱᠦᠵᠢ ᠭᠠᠴᠠᠭᠠᠨ ᠲᠠᠷᠤᠭ᠎ᠠ ᠰᠤᠶᠤᠯᠳᠤ᠄ ︽ᠰᠠᠷᠠᠭᠤᠯ ᠱᠦᠵᠢ ᠮᠠᠨ ᠤ ᠭᠠᠴᠠᠭᠠᠨ ᠳᠤ ᠢᠷᠡᠭᠰᠡᠨ ᠤ ᠲᠠᠷᠠᠭ᠎ᠠ ᠨᠠᠮ ᠤᠨ ᠠᠵᠢᠯ ᠢ ᠬᠠᠪᠰᠤᠷᠴᠤ ᠬᠢᠵᠤ ᠪᠠᠶᠢᠨ᠎ᠠ᠃ ᠤᠨᠤᠪᠴᠢᠳᠠᠢ ᠪᠠᠷ ᠶᠠᠳᠠᠭᠤ ᠶᠢ ᠲᠡᠳᠬᠦᠬᠦ ᠠᠵᠢᠯ ᠲᠡᠬᠡᠷ᠎ᠡ ᠲᠤᠪᠤᠶᠢᠮ᠎ᠠ ᠠᠮᠵᠢᠯᠳᠠ ᠭᠠᠷᠭᠠᠭᠰᠠᠨ ᠶᠤᠮ᠃ ᠶᠠᠳᠠᠭᠤ ᠠᠶᠢᠯ ᠨᠢᠬᠡᠨᠳᠡ ᠪᠠᠶᠢᠬᠤ ᠦᠬᠡᠢ ᠪᠤᠯᠤᠭᠰᠠᠨ︾ ᠭᠡᠪᠡ᠃      ᠤᠳᠤ ᠪᠠᠶ᠋ᠬᠠᠤᠪᠤᠭ᠎ᠠ ᠭᠠᠴᠠᠭᠠᠨ ᠤ ᠤᠯᠤᠰ ᠤᠨ ᠲᠡᠰ ᠤᠨ 11 ᠶᠠᠳᠠᠭᠤ ᠬᠦᠴᠢᠷᠳᠡᠯᠳᠡᠢ ᠡᠷᠦᠬᠡ ᠪᠦᠬᠦᠨ  ᠢᠶᠠᠷ ᠢᠶᠠᠨ ᠶᠠᠳᠠᠭᠤ ᠠᠴᠠ ᠠᠩᠬᠢᠵᠢᠷᠠᠵᠤ ᠰᠠᠷᠠᠭᠤᠯ ᠱᠦᠵᠢ ᠶᠢᠨ ᠵᠢᠳᠬᠦᠯ ᠴᠢᠷᠮᠠᠶᠢᠯᠭ᠎ᠠ ᠳᠤ ᠨᠢᠬᠡ ᠶᠤᠰᠤᠨ ᠤ ᠬᠠᠷᠢᠭᠤᠯᠳᠠ ᠪᠤᠯᠵᠤ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号