ᠭᠠᠯᠠᠭᠤᠲᠤ ᠪᠠᠯᠭᠠᠰᠤᠨ ᠤ ᠭᠠᠵᠠᠷ ᠰᠢᠷᠤᠢ ᠶᠢᠨ ᠦᠯᠡᠳᠡᠭᠳᠡᠯ ᠠᠰᠠᠭᠤᠳᠠᠯ ᠢ ᠮᠡᠳᠡᠬᠦᠯᠦᠨ ᠲᠠᠩᠰᠠᠯᠠᠭᠤᠯᠬᠤ ᠲᠤᠬᠠᠢ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠠᠯ
ᠨᠡᠶᠢᠲᠡᠯᠡᠭᠰᠡᠨ ᠴᠠᠭ᠄
2019-06-26
    2010 ᠤᠨ ᠠᠴᠠ ᠡᠮᠦᠨᠡᠬᠢ ᠭᠠᠯᠠᠭᠤᠲᠤ ᠪᠠᠯᠭᠠᠰᠤᠨ ᠲᠤᠭᠤᠷᠢᠭ ᠤᠨ ᠭᠠᠵᠠᠷ ᠰᠢᠷᠤᠢ ᠶᠢᠨ ᠦᠯᠡᠳᠡᠭᠳᠡᠯ ᠠᠰᠠᠭᠤᠳᠠᠯ ᠢ ᠰᠠᠶᠢᠲᠤᠷ ᠰᠢᠢᠳᠪᠦᠷᠢᠯᠡᠵᠤ ᠤᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠶᠢ ᠪᠠᠲᠤᠯᠠᠬᠤ ᠎ ᠶᠢᠨ ᠳᠣᠰᠠᠳᠠ ︽ᠭᠠᠵᠠᠷ ᠰᠢᠷᠤᠢ ᠶᠢᠨ ᠬᠠᠮᠢᠶᠠᠷᠤᠯᠲᠠ ᠶᠢᠨ ᠬᠠᠤᠯᠢ︾ ︽ᠭᠠᠵᠠᠷ ᠰᠢᠷᠤᠢ ᠶᠢᠨ ᠬᠠᠮᠢᠶᠠᠷᠤᠯᠲᠠ ᠶᠢᠨ ᠬᠡᠷᠡᠭᠵᠢᠬᠦᠯᠬᠦ ᠲᠦᠷᠢᠮ︾ ᠪᠠ ︽ᠭᠠᠵᠠᠷ ᠰᠢᠷᠤᠢ ᠶᠢ ᠨᠦᠬᠡᠴᠡᠯᠡᠬᠦ ᠠᠵᠢᠯ ᠤᠨ ᠬᠠᠮᠢᠶᠠᠷᠤᠯᠲᠠ ᠶᠢᠨ ᠠᠷᠭ᠎ᠠ︾ ︵ᠤᠯᠤᠰ ᠭᠠᠵᠠᠷ ᠡᠬᠢ ᠲᠦᠯᠦᠪᠵᠢᠬᠦᠯᠭᠡ ﹇2017﹈ 17 ᠳ᠋ᠤᠭᠠᠷ ᠲᠤᠭᠠᠲᠤ︶ ᠵᠡᠷᠭᠡ ᠶᠢᠨ ᠲᠤᠭᠳᠠᠭᠠᠯ ᠢ ᠦᠨᠳᠦᠰᠦᠯᠡᠨ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ 2019 ᠤᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠦᠨᠳᠣᠰᠣᠯᠡᠨ ᠡᠳᠦᠬᠡ ᠭᠠᠯᠠᠭᠤᠲᠤ ᠪᠠᠯᠭᠠᠰᠤᠨ ᠲᠤᠭᠤᠷᠢᠭ ᠤᠨ ᠭᠠᠵᠠᠷ ᠰᠢᠷᠤᠢ ᠶᠢᠨ ᠦᠯᠡᠳᠡᠭᠳᠡᠯ ᠠᠰᠠᠭᠤᠳᠠᠯ ᠢ ᠮᠡᠳᠡᠬᠦᠯᠦᠨ ᠲᠠᠩᠰᠠᠯᠠᠭᠤᠯᠬᠤ ᠬᠠᠮᠢᠶ᠎ᠠ ᠪᠦᠬᠦᠢ ᠬᠡᠷᠡᠭ ᠤᠴᠢᠷ ᠢ ᠲᠤᠤᠷᠠᠬᠢ ᠮᠡᠲᠤ ᠵᠠᠷᠯᠠᠶ᠎ᠠ᠃     ᠨᠢᠭᠡ᠂ ᠮᠡᠳᠡᠬᠦᠯᠦᠨ ᠲᠠᠩᠰᠠᠯᠠᠬᠤ ᠬᠦᠮᠦᠨ ᠤ ᠬᠦᠷᠢᠶ᠎ᠡ ᠬᠡᠪᠴᠢᠶ᠎ᠡ᠄ ᠭᠠᠯᠠᠭᠤᠲᠤ ᠪᠠᠯᠭᠠᠰᠤᠨ ᠲᠤᠭᠤᠷᠢᠭ ᠤᠨ ᠬᠡᠪᠴᠢᠶᠡᠨ ᠳᠠᠬᠢ ᠪᠤᠢ ᠪᠦᠬᠦᠢ ᠬᠤᠯᠪᠤᠭᠳᠠᠯ ᠪᠦᠬᠦᠢ ᠭᠠᠷ ᠬᠦᠢᠴᠡᠳᠬᠡᠯ ᠲᠠᠢ ᠪᠤᠯᠪᠠᠴᠤ ᠭᠠᠵᠠᠷ ᠰᠢᠷᠤᠢ ᠶᠢ ᠨᠢ ᠨᠠᠶᠢᠲᠠᠪᠤᠷᠢᠵᠢᠭᠤᠯᠤᠭᠰᠠᠨ ᠦᠭᠡᠢ᠂ ᠬᠡᠷᠡᠭᠯᠡᠬᠦ ᠡᠷᠭᠡ ᠲᠠᠢ ᠭᠠᠵᠠᠷ ᠰᠢᠷᠦᠢ ᠶᠢᠨ ᠬᠡᠷᠡᠭᠯᠡᠯᠲᠡ ᠶᠢᠨ ᠡᠷᠭᠡ ᠶᠢ ᠰᠢᠢᠳᠪᠦᠷᠢᠯᠡᠵᠣ ᠦᠭᠬᠦᠭᠰᠡᠨ ᠦᠭᠡᠢ ᠡᠷᠬᠡᠳᠣ ᠬᠦᠮᠦᠨ ᠪᠤᠶᠤ ᠬᠤᠯᠪᠤᠭᠳᠠᠯ ᠪᠦᠬᠦᠢ ᠡᠷᠬᠡᠳᠣ ᠬᠦᠮᠦᠨ᠂ 2010 ᠤᠨ ᠳᠤ ᠲᠠᠩᠰᠠᠯᠠᠭᠤᠯᠵᠤ ᠦᠩᠭᠡᠷᠡᠭᠰᠡᠨ ᠭᠠᠵᠠᠷ ᠰᠢᠷᠦᠢ ᠶᠢᠨ ᠬᠡᠷᠡᠭᠯᠡᠯᠲᠡ ᠶᠢᠨ ᠡᠷᠬᠡᠳᠣ ᠬᠦᠮᠦᠨ ᠪᠤᠶᠤ ᠬᠤᠯᠪᠤᠭᠳᠠᠯ ᠪᠦᠬᠦᠢ ᠡᠷᠭᠡ ᠠᠰᠢᠭ ᠤᠨ ᠬᠦᠮᠦᠨ ᠢ ᠪᠠᠭᠳᠠᠭᠠᠨ᠎ᠠ᠃ ︵ᠨᠢᠭᠡᠨᠲᠡ ᠲᠠᠩᠰᠠᠯᠠᠭᠤᠯᠤᠭᠰᠠᠨ ᠭᠠᠵᠠᠷ ᠰᠢᠷᠦᠢ ᠶᠢᠨ  ᠬᠡᠷᠡᠭᠯᠡᠯᠲᠡ ᠶᠢᠨ ᠡᠷᠬᠡᠳᠣ ᠬᠦᠮᠦᠨ ᠪᠤᠶᠤ ᠬᠤᠯᠪᠤᠭᠳᠠᠯ ᠪᠦᠬᠦᠢ ᠡᠷᠬᠡᠳᠣ ᠬᠦᠮᠦᠨ ᠲᠤᠰᠢᠶᠠᠭᠰᠠᠨ ᠲᠠᠩᠰᠠᠯᠠᠯᠲᠠ ᠶᠢᠨ ᠮᠠᠲ᠋ᠧᠷᠢᠶᠠᠯ ᠪᠠ ᠰᠢᠢᠳᠪᠦᠷᠢᠯᠡᠬᠦᠯᠬᠦ ᠬᠦᠰᠡᠯ ᠱᠠᠭᠠᠷᠳᠠᠯᠭ᠎ᠠ ᠲᠤᠭᠠᠴᠢᠯᠲᠠ ᠪᠠᠨ ᠲᠤᠬᠠᠢ ᠶᠢᠨ ᠲᠠᠯᠠᠪᠠᠢ ᠳᠤ ᠤᠴᠢᠵᠤ ᠨᠤᠲᠠᠯᠠᠨ᠂ ᠲᠤᠰᠢᠶᠠᠭᠰᠠᠨ ᠮᠠᠲ᠋ᠧᠷᠢᠶᠠᠯ ᠢᠶᠠᠨ ᠲᠠᠬᠢᠨ ᠨᠢᠭᠡ ᠤᠳᠠᠭ᠎ᠠ ᠨᠦᠬᠦᠪᠦᠷᠢᠯᠡᠬᠦ ᠶᠢᠨ ᠬᠠᠮᠲᠤ ᠳᠣᠬᠠᠢ ᠶᠢᠨ ᠭᠠᠵᠠᠷ ᠲᠤ ᠬᠦᠷᠴᠦ ᠵᠠᠭᠠᠭ ᠰᠠᠪᠠ ᠪᠠᠨ ᠲᠤᠳᠤᠷᠬᠠᠶᠢᠯᠠᠨ ᠬᠠᠷᠭᠤᠭᠤᠯᠣᠨ᠎ᠠ᠃︶     ᠬᠤᠶᠠᠷ᠂ ᠮᠡᠳᠡᠬᠦᠯᠦᠨ ᠲᠠᠩᠰᠠᠯᠠᠭᠤᠯᠬᠤ ᠠᠷᠭ᠎ᠠ᠄ ᠭᠤᠶᠣᠴᠢᠯᠡᠨ ᠮᠡᠳᠡᠬᠦᠯᠦᠭᠰᠡᠳ ᠪᠡᠶ᠎ᠡ ᠶᠢᠨ ᠦᠨᠡᠮᠯᠡᠯ᠂ ᠫᠢᠶᠤᠤ ᠪᠠᠷᠢᠮᠳᠠ᠂ ᠬᠡᠯᠡᠯᠴᠡᠭᠡᠷ ᠵᠢᠴᠢ ᠪᠤᠰᠤᠳ ᠬᠤᠯᠪᠤᠭᠳᠠᠯ ᠪᠦᠬᠦᠢ ᠭᠠᠷ ᠬᠦᠢᠴᠡᠳᠬᠡᠯ ᠪᠠ ᠬᠡᠷᠡᠴᠢ ᠪᠢᠴᠢᠭ ᠵᠡᠷᠭᠡ ᠎ ᠶᠢᠨ ᠤᠭ ᠮᠠᠲ᠋ᠧᠷᠢᠶᠠᠯ ᠢᠶᠠᠨ ᠠᠪᠴᠦ ᠲᠠᠩᠰᠠᠯᠠᠯᠲᠠ ᠶᠢᠨ ᠭᠠᠵᠠᠷ ᠬᠦᠷᠴᠦ ᠮᠡᠳᠡᠬᠦᠯᠬᠦ ᠲᠠᠩᠰᠠᠯᠠᠯᠲᠠ ᠬᠠᠩᠭᠠᠭᠰᠠᠨ ᠮᠠᠲ᠋ᠧᠷᠢᠶᠠᠯ ᠢ ᠠᠵᠢᠯᠳᠠᠨ ᠠᠴᠠ ᠬᠢᠨᠠᠨ ᠪᠠᠶᠢᠴᠠᠭᠠᠵᠤ ᠰᠢᠯᠭᠠᠨ ᠲᠤᠳᠤᠯᠠᠵᠤ᠂ ᠰᠢᠢᠳᠪᠦᠷᠢᠯᠡᠬᠦ ᠬᠦᠰᠡᠯ ᠱᠠᠭᠠᠷᠳᠠᠯᠭ᠎ᠠ ᠪᠠ ᠲᠤᠭᠠᠴᠢᠯᠲᠠ ᠶᠢᠨ ᠬᠦᠰᠦᠨᠦᠭ ᠲᠠᠭᠯᠠᠭᠤᠯᠵᠤ ᠲᠦᠷᠦᠯ ᠬᠤᠪᠢᠶᠠᠨ ᠲᠠᠩᠰᠠᠯᠠᠬᠤ ᠶᠢᠨ ᠬᠠᠮᠲᠤ ᠬᠤᠯᠪᠤᠭᠳᠠᠯ ᠪᠦᠬᠦᠢ ᠭᠠᠵᠠᠷ ᠲᠤ ᠬᠦᠷᠴᠦ ᠬᠢᠨᠠᠨ ᠪᠠᠶᠢᠴᠠᠭᠠᠭᠰᠠᠨ ᠤ ᠲᠠᠷᠠᠭ᠎ᠠ ᠦᠨᠡᠨ ᠪᠤᠳᠠᠲᠠᠢ ᠪᠠᠶᠢᠪᠠᠯ ᠵᠢᠩᠬᠢᠨᠢ ᠪᠠᠷ ᠲᠠᠩᠰᠠ ᠺᠠᠷᠲ ᠪᠠᠶᠢᠭᠤᠯᠵᠤ ᠰᠢᠢᠳᠪᠦᠷᠢᠯᠡᠬᠦ ᠠᠵᠢᠯ ᠤᠨ ᠤᠳᠤᠷᠢᠳᠬᠤ ᠲᠤᠭᠤᠶᠢᠯᠠᠩ ᠠᠴᠠ ᠲᠠᠬᠢᠨ ᠬᠢᠨᠠᠭᠰᠠᠨ ᠤ ᠲᠠᠷᠠᠭ᠎ᠠ ᠨᠡᠶᠢᠬᠡᠮ ᠳᠤ ᠨᠡᠶᠢᠲᠡᠯᠡᠵᠤ ᠨᠡᠶᠢᠬᠡᠮ ᠤᠨ ᠬᠢᠨᠠᠯᠲᠠ ᠶᠢ ᠦᠷᠭᠡᠨ ᠢᠶᠠᠷ ᠬᠦᠯᠢᠶᠡᠨ ᠠᠪᠴᠦ ᠨᠡᠶᠢᠲᠡᠯᠡᠯ ᠲᠠᠭᠤᠰᠤᠭᠰᠠᠨ ᠎ ᠤ ᠲᠠᠷᠠᠭ᠎ᠠ ᠤᠨᠳᠤᠤ ᠰᠠᠨᠠᠯ ᠦᠭᠡᠢ ᠪᠤᠯ ᠲᠦᠷᠦᠯ ᠬᠤᠪᠢᠶᠠᠭᠰᠠᠨ ᠪᠠᠶᠢᠳᠠᠯ ᠢ ᠦᠨᠳᠦᠰᠦᠯᠡᠵᠤ ᠬᠠᠤᠯᠢ ᠶᠤᠰᠤᠭᠠᠷ ᠬᠤᠭᠤᠴᠠᠭ᠎ᠠ ᠬᠤᠪᠢᠶᠠᠨ ᠪᠦᠯᠦᠭ ᠰᠠᠯᠭᠠᠨ ᠰᠢᠢᠳᠪᠦᠷᠢᠯᠡᠨ᠎ᠡ︔ ᠤᠨᠳᠤᠤ ᠰᠠᠨᠠᠯ ᠲᠠᠢ ᠶᠢ ᠨᠢ 10 ᠠᠵᠢᠯ ᠤᠨ ᠡᠳᠦᠷ ᠤᠨ ᠲᠤᠳᠤᠷ᠎ᠠ ᠰᠢᠢᠳᠪᠦᠷᠢᠯᠡᠬᠦ ᠠᠵᠢᠯ ᠤᠨ ᠤᠳᠤᠷᠢᠳᠬᠤ ᠲᠤᠭᠤᠶᠢᠯᠠᠩ ᠳᠤ ᠲᠡᠪᠰᠢᠬᠦᠯᠵᠤ ᠬᠤᠭᠤᠴᠠᠭ᠎ᠠ ᠨᠢ ᠬᠡᠲᠦᠷᠡᠪᠡᠯ ᠤᠨᠳᠤᠤ ᠰᠠᠨᠠᠯ ᠦᠭᠡᠢ ᠪᠠᠷ ᠪᠤᠳᠤᠵᠤ ᠰᠢᠢᠳᠪᠦᠷᠢᠯᠡᠬᠦ ᠠᠵᠢᠯ ᠤᠨ ᠤᠳᠤᠷᠢᠳᠬᠤ ᠲᠤᠭᠤᠶᠢᠯᠠᠩ ᠪᠤᠳᠠᠲᠠᠢ ᠪᠠᠶᠢᠳᠠᠯ ᠢ ᠦᠨᠳᠦᠰᠦᠯᠡᠨ ᠬᠤᠰᠢᠭᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠤ ᠰᠤᠳᠤᠯᠤᠭᠤᠯᠤᠨ ᠲᠤᠭᠳᠠᠭᠠᠯᠭᠠᠬᠤ ᠶᠢᠨ ᠬᠠᠮᠲᠤ ᠦᠷ᠎ᠡ ᠳ᠋ᠦᠩ ᠢ ᠨᠢ ᠢᠯᠡ ᠨᠡᠶᠢᠲᠡᠯᠡᠨ᠎ᠡ᠃      ᠭᠤᠷᠪᠠ᠂ ᠮᠡᠳᠡᠬᠦᠯᠦᠨ ᠲᠠᠩᠰᠠᠯᠠᠭᠤᠯᠬᠤ ᠳᠤ ᠲᠤᠰᠢᠶᠠᠬᠤ ᠮᠠᠲ᠋ᠧᠷᠢᠶᠠᠯ᠄      ︵ᠨᠢᠭᠡ︶ ᠤᠯᠤᠰ ᠤᠨ ᠦᠮᠴᠢᠯᠡᠯᠲᠤ ᠭᠠᠵᠠᠷ ᠰᠢᠷᠤᠢ ᠶᠢᠨ ᠬᠡᠷᠡᠭᠯᠡᠯᠲᠡ ᠶᠢᠨ ᠦᠨᠡᠮᠯᠡᠯ︔      ︵ᠬᠤᠶᠠᠷ︶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠯᠲᠡ ᠶᠢᠨ ᠡᠷᠭᠡ ᠶᠢᠨ ᠵᠦᠪᠰᠢᠶᠡᠷᠡᠯ ᠤᠨ ᠪᠢᠴᠢᠭ︔      ︵ᠭᠤᠷᠪᠠ︶ ᠤᠯᠤᠰ ᠤᠨ ᠦᠮᠴᠢᠯᠡᠯᠲᠤ ᠭᠠᠵᠠᠷ ᠰᠢᠷᠤᠢ ᠶᠢᠨ ᠬᠡᠷᠡᠭᠯᠡᠯᠲᠡ ᠶᠢᠨ ᠡᠷᠬᠡ ᠶᠢ ᠰᠢᠯᠵᠢᠬᠦᠯᠦᠨ ᠦᠭᠬᠦ ᠬᠡᠷ᠎ᠡ︔      ︵ᠲᠦᠷᠪᠡ︶ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠭᠠᠵᠠᠷ ᠰᠤᠩᠭᠤᠭᠰᠠᠨ ᠰᠠᠨᠠᠯ ᠤᠨ ᠪᠢᠴᠢᠭ᠂ ᠪᠦᠲᠦᠭᠡᠨ ᠪᠠᠶᠢᠭᠤᠯᠤᠯᠲᠠ ᠳᠤ ᠬᠡᠷᠡᠭᠯᠡᠭᠦ ᠭᠠᠵᠠᠷ ᠤᠨ ᠲᠦᠯᠦᠪᠵᠢᠬᠦᠯᠭᠡ ᠶᠢᠨ ᠵᠦᠪᠰᠢᠶᠡᠷᠡᠭᠰᠡᠨ ᠦᠨᠡᠮᠯᠡᠯ︔      ︵ᠲᠠᠪᠤ︶ ᠭᠠᠵᠠᠷ ᠰᠢᠷᠤᠢ ᠶᠢ ᠰᠢᠯᠵᠢᠬᠦᠯᠦᠨ ᠦᠭᠭᠦᠭᠰᠡᠨ ᠵᠤᠭᠤᠰ ᠮᠦᠩᠭᠦᠨ ᠤ ᠫᠢᠶᠤᠤ ᠪᠠᠷᠢᠮᠳᠠ ᠶᠢᠨ ᠤᠭ ᠮᠠᠲ᠋ᠧᠷᠢᠶᠠᠯ︔      ︵ᠵᠢᠷᠭᠤᠭ᠎ᠠ︶ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ᠄ ᠬᠤᠪᠢ ᠬᠦᠮᠦᠨ ᠪᠡᠶ᠎ᠡ ᠶᠢᠨ ᠦᠨᠡᠮᠯᠡᠯ ᠪᠤᠶᠤ ᠡᠷᠤᠭᠡ ᠠᠮᠠ ᠶᠢᠨ ᠲᠡᠪᠳᠡᠷ ᠢᠶᠠᠨ ᠬᠠᠩᠭᠠᠨ᠎ᠠ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠤᠨ ᠤ ᠪᠠᠶᠢᠴᠠᠭᠠᠯᠲᠠ ᠶᠢ ᠦᠩᠭᠡᠷᠡᠭᠡᠭᠰᠡᠨ ᠡᠵᠡᠩᠨᠡᠯᠲᠡ ᠶᠢᠨ ᠦᠨᠡᠮᠯᠡᠯ᠂ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠶᠢᠨ ᠬᠢᠷᠢ ᠬᠡᠮ ᠤᠨ ᠦᠨᠡᠮᠯᠡᠯ᠂ ᠬᠠᠤᠯᠢ ᠶᠢᠨ ᠡᠷᠭᠡᠳᠡᠨ ᠤ ᠪᠡᠶ᠎ᠡ ᠶᠢᠨ ᠦᠨᠡᠮᠯᠡᠯ ᠢ ᠬᠠᠩᠭᠠᠵᠦ ᠨᠠᠶᠢᠳᠠᠨ ᠬᠦᠢᠴᠡᠳᠬᠡᠬᠦᠯᠬᠦ ᠎ ᠳᠤ ᠡᠷᠬᠡ ᠤᠯᠭᠤᠬᠤ ᠨᠠᠶᠢᠳᠠᠯᠭ᠎ᠠ ᠶᠢᠨ ᠪᠢᠴᠢᠭ᠂ ᠤᠨ ᠤ ᠪᠠᠶᠢᠴᠠᠭᠠᠯᠲᠠ ᠶᠢ ᠦᠩᠭᠡᠷᠡᠭᠡᠭᠰᠡᠨ ᠡᠵᠡᠩᠨᠡᠯᠲᠡ ᠶᠢᠨ ᠦᠨᠡᠮᠯᠡᠯ᠂ ᠬᠠᠤᠯᠢ ᠪᠠᠷ ᠲᠤᠭᠲᠠᠭᠠᠭᠰᠠᠨ ᠲᠦᠯᠦᠭᠡᠯᠡᠭᠴᠢ ᠶᠢᠨ ᠬᠢᠷᠢ ᠬᠡᠮ ᠤᠨ ᠦᠨᠡᠮᠯᠡᠯ᠂ ᠬᠠᠤᠯᠢ ᠶᠢᠨ ᠡᠷᠭᠡᠳᠡᠨ ᠎ ᠤ ᠪᠡᠶ᠎ᠡ ᠶᠢᠨ ᠦᠨᠡᠮᠯᠡᠯ᠂ ᠨᠠᠶᠢᠳᠠᠭᠳᠠᠭᠴᠢ ᠶᠢᠨ ᠪᠡᠶ᠎ᠡ ᠶᠢᠨ ᠦᠨᠡᠮᠯᠡᠯ ᠢ ᠬᠠᠩᠭᠠᠬᠤ ᠬᠡᠷᠡᠭᠲᠡᠢ᠃      ︵ᠲᠤᠯᠤᠭ᠎ᠠ︶ ᠪᠤᠰᠤᠳ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠃ᠲᠦᠷᠪᠡ᠂ ᠮᠡᠳᠡᠭᠦᠯᠦᠨ ᠳᠠᠩᠰᠠᠯᠠᠭᠤᠯᠬᠤ ᠴᠠᠭ᠄ 2019 ᠤᠨ ᠤ 4 ᠰᠠᠷ᠎ᠠ ᠶᠢᠨ 30᠎ ᠤ ᠡᠳᠦᠷ — 2019 ᠣᠨ ᠤ 7 ᠰᠠᠷ᠎ᠠ ᠶᠢᠨ 30᠎ ᠤ ᠡᠳᠦᠷ ︵ᠬᠠᠤᠯᠢ ᠪᠠᠷ ᠲᠤᠭᠲᠠᠭᠠᠭᠰᠠᠨ ᠠᠮᠠᠷᠠᠯᠲᠠ ᠶᠢᠨ ᠡᠳᠦᠷ ᠢ ᠪᠠᠭᠳᠠᠭᠠᠬᠤ ᠦᠬᠡᠢ︶      ᠲᠠᠪᠤ᠂ ᠮᠡᠳᠡᠭᠦᠯᠦᠨ ᠳᠠᠩᠰᠠᠯᠠᠭᠤᠯᠬᠤ ᠭᠠᠵᠠᠷ᠄ ᠦᠦᠰᠢᠨ ᠬᠤᠰᠢᠭᠤᠨ ᠤ ᠭᠠᠵᠠᠷ ᠰᠢᠷᠤᠢ ᠬᠤᠳᠠᠯᠳᠤᠨ ᠠᠪᠬᠤ ᠨᠦᠭᠡᠴᠡᠯᠡᠬᠦ ᠦᠨ᠎ᠡ ᠬᠠᠶᠠᠯᠴᠠᠵᠦ ᠬᠤᠳᠠᠯᠳᠤᠬᠤ ᠲᠦᠪ ︵ᠦᠦᠰᠢᠨ ᠬᠤᠰᠢᠭᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶᠠᠨ ᠤ ᠨᠢᠭᠡᠳᠤᠭᠡᠷ ᠳᠠᠪᠬᠤᠷᠭ᠎ᠠ ᠶᠢᠨ 106 ᠳᠠᠰᠤᠭ᠂ ᠠᠰᠠᠭᠤᠨ ᠯᠠᠪᠯᠠᠬᠤ ᠤᠳᠠᠰᠤ᠄ 0477 —7220992︶     ᠲᠤᠰ ᠵᠠᠷᠯᠠᠯ ᠢ ᠨᠡᠶᠢᠳᠡᠯᠡᠭᠰᠡᠨ ᠡᠳᠤᠷ ᠠᠴᠠ ᠡᠬᠢᠯᠡᠨ ᠭᠠᠵᠠᠷ ᠰᠢᠷᠤᠢ ᠶᠢᠨ ᠬᠡᠷᠡᠭᠯᠡᠯᠲᠡ ᠶᠢᠨ ᠡᠷᠬᠡᠳᠣ ᠬᠦᠮᠦᠨ ᠪᠤᠶᠤ ᠡᠷᠭᠡ ᠠᠰᠢᠭ ᠤᠨ ᠬᠤᠯᠪᠤᠭᠳᠠᠯ ᠪᠦᠬᠦᠢ ᠬᠦᠮᠦᠨ ᠲᠤᠭᠳᠠᠭᠰᠠᠨ ᠳᠠᠷᠠᠭᠠᠯᠠᠯ ᠪᠠ ᠴᠠᠭ ᠬᠤᠭᠤᠴᠠᠭ᠎ᠠ ᠶᠤᠰᠤᠭᠠᠷ ᠢᠳᠡᠪᠬᠢᠲᠡᠢ ᠮᠡᠳᠡᠭᠦᠯᠦᠨ ᠳᠠᠩᠰᠠᠯᠠᠭᠤᠯᠵᠦ ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠬᠤ ᠲᠠᠢ ᠬᠠᠮᠵᠢᠯᠴᠠᠨ ᠲᠦᠷᠦᠯ ᠬᠤᠪᠢᠶᠠᠭᠰᠠᠨ ᠲᠤᠭᠠᠴᠢᠯᠲᠠ ᠶᠢ ᠢᠯᠭᠠᠨ ᠲᠤᠳᠤᠯᠠᠵᠦ ᠮᠡᠳᠡᠭᠦᠯᠦᠨ ᠳᠠᠩᠰᠠᠯᠠᠭᠤᠯᠬᠤ ᠠᠵᠢᠯ ᠢᠶᠠᠨ ᠲᠦᠷᠭᠡᠨ ᠪᠡᠶᠡᠯᠡᠬᠦᠯᠤᠭᠡᠷᠡᠢ᠃ ᠮᠡᠳᠡᠬᠦᠯᠬᠦ ᠬᠤᠭᠤᠴᠠᠭ᠎ᠠ ᠳᠠᠭᠤᠰᠳᠠᠯ᠎ᠠ ᠳᠠᠩᠰᠠᠯᠠᠭᠤᠯᠤᠭᠰᠠᠨ ᠦᠬᠡᠢ ᠪᠤᠯ ᠰᠶᠢᠳᠪᠤᠷᠢᠯᠡᠬᠦ ᠠᠷᠭ᠎ᠠ ᠶᠢ ᠦᠪᠡᠷ ᠢᠶᠠᠨ ᠰᠤᠩᠭᠤᠵᠦ ᠳᠠᠶᠢᠯᠬᠦ ᠦᠬᠡᠢ ᠪᠤᠯᠵᠦ ᠰᠶᠢᠳᠪᠤᠷᠢᠯᠡᠬᠦ ᠠᠵᠢᠯ ᠤᠨ ᠤᠳᠤᠷᠢᠳᠬᠤ ᠲᠤᠭᠤᠶᠢᠯᠠᠩ ᠮᠡᠳᠡᠭᠦᠯᠦᠨ ᠳᠠᠩᠰᠠᠯᠠᠭᠤᠯᠬᠤ ᠶᠢ ᠲᠠᠬᠢᠨ ᠬᠦᠯᠢᠶᠠᠨ ᠠᠪᠬᠤ ᠦᠬᠡᠢ᠂ ᠲᠠᠬᠢᠨ ᠵᠤᠬᠢᠶᠠᠨ ᠪᠠᠶᠢᠭᠤᠯᠵᠦ ᠰᠶᠢᠳᠪᠤᠷᠢᠯᠡᠬᠦ ᠦᠬᠡᠢ᠃     ᠦᠷᠭᠡᠨ ᠣᠯᠠᠨ ᠲᠦᠮᠡᠨ ᠮᠡᠳᠡᠭᠦᠯᠦᠨ ᠳᠠᠩᠰᠠᠯᠠᠭᠤᠯᠬᠤ᠂ ᠰᠶᠢᠳᠪᠤᠷᠢᠯᠡᠬᠦ ᠳᠤᠮᠳᠠ ᠤᠷᠤᠰᠢᠵᠦ ᠪᠠᠶᠢᠭ᠎ᠠ ᠬᠠᠤᠯᠢ ᠰᠠᠬᠢᠯᠭ᠎ᠠ ᠪᠠᠲᠤ ᠶᠢ ᠵᠦᠷᠢᠴᠡᠭᠰᠡᠨ ᠪᠤᠶᠤ ᠪᠤᠰᠤᠳ ᠠᠰᠠᠭᠤᠳᠠᠯ ᠤᠨ ᠰᠦᠪᠡᠭᠴᠢ ᠳᠤ ᠬᠢᠨᠠᠯᠲᠠ ᠲᠠᠯᠪᠢᠬᠤ᠂ ᠰᠠᠨᠠᠯ ᠲᠤᠰᠬᠠᠬᠤ᠂ ᠢᠯᠡᠴᠢᠯᠡᠨ ᠮᠡᠳᠡᠬᠦᠯᠬᠦ ᠶᠢ ᠪᠠᠶᠠᠷᠯᠠᠨ ᠤᠭᠳᠤᠵᠦ ᠪᠠᠶᠢᠨ᠎ᠠ᠃                                                                       ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ                                2019 ᠣᠨ ᠤ 4 ᠰᠠᠷ᠎ᠠ ᠶᠢᠨ 24᠎ ᠤ ᠡᠳᠦᠷ
 
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠡᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号