ᠲᠤᠭ ᠪᠠᠯᠭᠠᠰᠤ ᠨᠢ ᠤᠷᠳᠤᠰ ᠬᠤᠳᠠ ᠶᠢᠨ ᠪᠠᠷᠠᠭᠤᠨ ᠡᠮᠦᠨᠡᠳᠦ ᠪᠡᠶ᠎ᠡ᠂ ᠦᠦᠰᠢᠨ ᠬᠤᠰᠢᠭᠤᠨ ᠤ ᠬᠠᠮᠤᠭ | ᠤᠨ ᠵᠡᠬᠦᠨ ᠵᠠᠬ᠎ᠠ ᠳᠤ ᠪᠠᠶᠢᠷᠢᠯᠠᠨ ᠨᠡᠶᠢᠳᠡ 10 ᠭᠠᠴᠠᠭ᠎ᠠ ᠲᠣᠰᠬᠤᠨ᠂ 1 ᠨᠡᠶᠢᠬᠡᠮ ᠲᠤᠭᠤᠷᠢᠭ᠂ 74 ᠮᠠᠯᠵᠢᠯ | ᠲᠠᠷᠢᠶᠠᠯᠠᠯ ᠤᠨ ᠬᠤᠷᠰᠢᠶ᠎ᠠ ᠲᠠᠢ᠂ ᠨᠠᠶᠢᠳᠠ 4686 ᠡᠷᠦᠬᠡ ᠠᠮᠠ ᠲᠠᠢ᠂ ᠪᠠᠶᠢᠩᠭᠤ ᠰᠠᠭᠤᠷᠢᠰᠢᠭ᠎ᠠ ᠬᠦᠮᠦᠨ ᠠᠮᠠ | ᠶᠢᠨ ᠶᠡᠷᠦᠩᠬᠡᠢ ᠲᠤᠭ᠎ᠠ ᠨᠢ 15064᠂ ᠨᠡᠬᠦᠳᠠᠯ ᠬᠦᠮᠦᠨ ᠠᠮᠠ ᠵᠢᠴᠢ ᠠᠵᠣ ᠣᠶᠢᠯᠡᠰ ᠤᠨ ᠠᠵᠢᠯᠳᠠᠨ ᠠᠵᠢᠯᠴᠢᠨ | ᠨᠠᠶᠢᠳᠠ 4 ᠲᠦᠮᠡ ᠭᠠᠷᠦᠢ ᠬᠦᠮᠦᠨ ᠪᠣᠢ᠃ ᠨᠤᠳᠤᠭ ᠪᠡᠯᠴᠢᠭᠡᠷ ᠤᠨ ᠶᠡᠷᠦᠩᠭᠡᠢ ᠲᠠᠯᠠᠪᠠᠢ ᠨᠢ 1515.5 ᠲᠡᠭᠰᠢ | ᠳᠦᠷᠪᠡᠯᠵᠢᠨ ᠺᠢᠯᠤᠮᠧᠲᠷ ︵227.3 ᠲᠦᠮᠡᠨ ᠮᠤ᠋︶᠂ ᠪᠠᠶᠢᠭᠠᠯᠢᠯᠢᠭ ᠰᠢᠯᠢᠳᠡᠭ ᠪᠡᠯᠴᠢᠭᠡᠷ 200 ᠲᠦᠮᠡᠨ ᠮᠤ᠋ | ᠪᠠᠶᠢᠵᠤ᠂ ᠶᠡᠷᠦᠩᠭᠡᠢ ᠲᠠᠯᠠᠪᠠᠢ ᠶᠢᠨ 80 % ᠶᠢ ᠡᠵᠡᠯᠡᠨ᠂ ᠤᠰᠤᠨ ᠭᠠᠵᠠᠷ ᠤᠨ ᠲᠠᠯᠠᠪᠠᠢ 6616.3 ᠮᠤ᠋᠂ | ᠤᠷᠭᠤᠮᠠᠯ ᠤᠨ ᠪᠦᠷᠬᠦᠴᠡ ᠪᠠ ᠤᠢ ᠰᠢᠭᠤᠢ ᠶᠢᠨ ᠪᠦᠷᠬᠦᠴᠡ ᠨᠢ ᠲᠤᠰ ᠲᠤᠰ 86% ᠪᠠ 31% ᠳᠤ ᠭᠦᠷᠴᠡᠢ᠃ | ᠳᠤᠭ ᠪᠠᠯᠭᠠᠰᠣ ᠪᠣᠯ ᠳᠠᠷᠢᠶᠠᠯᠠᠩ ᠠᠵᠣ ᠠᠬᠤᠢ ᠪᠠᠷ ᠰᠠᠭᠤᠷᠢᠯᠠᠭᠤᠯᠣᠭᠰᠠᠨ ᠠᠵᠣ ᠣᠶᠢᠯᠡᠳᠪᠣᠷᠢ ᠪᠠᠷ | ᠵᠢᠯᠣᠭᠤᠳᠣᠭᠤᠯᠣᠭᠰᠠᠨ ᠭᠤᠷᠪᠠᠳᠣᠭᠠᠷ ᠠᠵᠣ ᠣᠶᠢᠯᠡᠰ ᠤᠨ ᠦᠷᠨᠢᠨ ᠬᠦᠭᠵᠢᠭᠰᠡᠨ ᠬᠦᠭᠵᠢᠯᠳᠡ ᠲᠠᠢ ᠰᠢᠨ᠎ᠡ | ᠬᠡᠯᠪᠠᠷᠢ ᠶᠢᠨ ᠪᠠᠯᠭᠠᠰᠣᠨ ᠤ ᠨᠢᠬᠡ ᠪᠣᠯᠣᠨ᠎ᠠ᠃ | ᠲᠤᠭ ᠪᠠᠯᠭᠠᠰᠤ ᠨᠢ ᠪᠠᠶᠢᠭᠠᠯᠢ ᠶᠢᠨ ᠰᠢᠳᠠᠮᠠᠬᠠᠢ ᠬᠡᠢ᠂ ᠨᠡᠭᠦᠷᠡᠰᠦᠨ ᠤ ᠡᠬᠢ ᠪᠠᠶᠠᠯᠢᠭ ᠡᠯᠪᠡᠭ ᠲᠡᠯᠪᠡᠭ᠂ | ᠤᠷᠤᠨ ᠪᠠᠶᠢᠷᠢ ᠶᠢᠨ ᠲᠠᠪᠠᠭᠤᠯᠢᠭ ᠲᠤᠪᠤᠶᠢᠮ᠎ᠠ ᠪᠠᠶᠢᠵᠤ᠂ ᠤᠯᠤᠰ ᠤᠨ ︽ᠬᠦᠬᠡᠬᠤᠳᠠ ᠪᠤᠭᠤᠳᠤ ᠤᠷᠳᠤᠰ | ᠲᠡᠮᠡᠭᠡᠳᠤ︾᠂ ︽ᠬᠦᠬᠡᠬᠤᠳᠠ ᠪᠤᠭᠤᠳᠤ ᠢᠷᠭᠠᠢ︾ ᠠᠵᠤ ᠠᠬᠤᠢ ᠶᠢᠨ ᠪᠦᠰᠡ ᠶᠢᠨ ᠴᠢᠬᠤᠯᠠ ᠪᠦᠷᠢᠯᠳᠦᠬᠦᠨ | ᠬᠡᠰᠡᠭ ᠪᠤᠯᠵᠤ᠂ ᠪᠠᠯᠭᠠᠰᠤᠨ ᠤ ᠬᠢᠵᠠᠭᠠᠷ ᠲᠤ 3000 ᠳ᠋ᠦᠩᠰᠢᠭᠤᠷ ᠪᠣᠰᠤᠭ᠎ᠠ ᠳᠦᠷᠪᠡᠯᠵᠢᠨ ᠮᠧᠲᠷ ᠤᠨ | ᠬᠠᠳᠠᠭᠠᠯᠠᠭᠳᠠᠴᠠ ᠲᠠᠢ ᠪᠠᠶᠢᠭᠠᠯᠢ ᠶᠢᠨ ᠰᠢᠳᠠᠮᠠᠬᠠᠢ ᠬᠡᠢ ᠶᠢ ᠬᠠᠶᠢᠨ ᠢᠯᠡᠷᠡᠭᠦᠯᠵᠦ᠂ ︽ᠭᠤᠷᠪᠠᠨ ᠲᠤᠤᠷ᠎ᠠ ᠨᠢᠭᠡ | ᠦᠨᠳᠦᠷ︾ ᠤᠨᠴᠠᠯᠢᠭᠳᠤ ᠴᠢᠨᠠᠷ ᠰᠠᠶᠢᠳᠠᠢ ᠨᠡᠭᠦᠷᠡᠰᠦᠨ ᠤ ᠬᠠᠳᠠᠭᠠᠯᠠᠭᠳᠠᠴᠠ ᠨᠢ 300 ᠳ᠋ᠦᠩᠰᠢᠭᠤᠷ ᠲᠤᠠ ᠠᠴᠠ | ᠲᠠᠪᠠᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠬᠦᠭᠵᠢᠬᠦᠯᠬᠦ ᠳᠤ ᠤᠨᠴᠠ ᠰᠠᠶᠢᠨ | ᠨᠦᠬᠦᠴᠡᠯ ᠢ ᠪᠦᠷᠢᠯᠳᠦᠭᠦᠯᠦᠭᠰᠡᠨ ᠪᠠᠶᠢᠨ᠎ᠠ᠃ ᠣᠳᠣᠬᠠᠨ ᠳᠤ ᠪᠠᠯᠭᠠᠰᠣᠨ ᠳᠤ ᠪᠠᠶᠢᠭ᠎ᠠ ᠠᠵᠣ ᠠᠬᠤᠶᠢᠯᠡᠯ 18 | ᠪᠠᠶᠢᠵᠣ ᠶᠡᠷᠦᠩᠬᠡᠢ ᠪᠡᠯᠡ ᠣᠷᠣᠭᠤᠯᠣᠯᠳᠠ ᠨᠢ 1000 ᠭᠠᠷᠦᠢ ᠳ᠋ᠦᠩᠰᠢᠭᠤᠷ ᠲᠦᠬᠦᠷᠢᠭ ᠲᠤ ᠬᠦᠷᠴᠡᠢ᠃ 2019 | ᠣᠨ ᠳᠤ ᠪᠦᠭᠦ ᠪᠠᠯᠭᠠᠰᠦᠨ ᠤ ᠡᠳ᠋ ᠤᠨ ᠵᠠᠰᠠᠭ ᠤᠨ ᠣᠷᠣᠯᠭ᠎ᠠ 23.1 ᠳ᠋ᠥᠩᠰᠢᠭᠤᠷ ᠲᠦᠭᠦᠷᠢᠭ ᠢ ᠪᠠᠶᠠᠯᠡᠬᠦᠯᠵᠣ | ᠮᠠᠯᠴᠢᠨ ᠲᠠᠷᠢᠶᠠᠴᠢᠨ ᠤ ᠭᠦᠮᠦᠨ ᠳᠣᠮᠳᠠᠴᠢ ᠶᠢᠨ ᠴᠡᠪᠡᠷ ᠣᠷᠣᠯᠭ᠎ᠠ 19000 ᠲᠦᠭᠦᠷᠢᠭ ᠭᠦᠷᠴᠤ ᠠᠮᠣ ᠪᠣᠳᠠᠭᠠᠨ | ᠤ ᠣᠨᠠᠯᠳᠠ ᠶᠢᠨ ᠶᠡᠷᠦᠩᠬᠡᠢ ᠬᠡᠮᠵᠢᠶ᠎ᠠ 2200 ᠲᠦᠮᠡᠨ ᠺᠢᠯᠥᠭᠷᠠᠮ ᠣᠷᠴᠢᠮ ᠪᠠᠶᠢᠵᠣ ᠮᠠᠯᠵᠢᠯ ᠤᠨ ᠣᠨ ᠤ ᠮᠠᠯ ᠤᠨ | ᠶᠡᠷᠦᠩᠬᠡᠢ ᠳᠤᠭ᠎ᠠ 30 ᠲᠦᠮᠡ ᠶᠢ ᠳᠠᠪᠠᠪᠠ᠃ ᠣᠯᠣᠰ ᠤᠨ ᠪᠣᠬᠢᠷᠳᠣᠯ ᠦᠬᠡᠢ ᠨᠠᠷᠠᠳᠣ ᠪᠠᠯᠭᠠᠰᠤ᠂ ᠦᠪᠡᠷᠳᠡᠬᠡᠨ | ᠵᠠᠰᠠᠬᠤ ᠣᠷᠣᠨ ᠤ ᠪᠣᠯᠪᠠᠰᠣᠨ ᠳᠣᠰᠬᠤᠨ ᠪᠠᠯᠭᠠᠰᠣ ᠬᠡᠮᠡᠬᠦ ᠢᠷᠡᠭᠤ ᠠᠯᠳᠠᠷ ᠢ ᠣᠷᠢᠨ ᠬᠤᠵᠢᠳ ᠬᠦᠷᠳᠡᠪᠠ᠃ | |