ᠭᠠᠴᠠᠭ᠎ᠠ ᠳᠣᠰᠬᠤᠨ ᠤ ᠪᠦᠷᠢᠶ᠎ᠡ ᠨᠢ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠣᠬᠠᠭᠤᠯᠭ᠎ᠠ  ᠶᠢᠨ ᠰᠠᠶᠢᠨ ᠳᠠᠮᠵᠢᠭᠤᠯᠣᠭᠴᠢ ᠪᠣᠯᠣᠭᠰᠠᠨ ᠪᠠᠶᠢᠨ᠎ᠠ
ᠨᠡᠶᠢᠲᠡᠯᠡᠭᠰᠡᠨ ᠴᠠᠭ᠄
2019-06-26
     ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠠᠵᠢᠯᠯᠠᠭ᠎ᠠ ᠡᠬᠢᠯᠡᠭᠰᠡᠨ ᠠᠴᠠ ᠬᠤᠶᠢᠰᠢ ᠮᠠᠨ  ᠤ ᠬᠤᠰᠢᠭᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠤᠨ ᠣᠬᠠᠭᠤᠯᠭ᠎ᠠ ᠶᠢ ᠢᠳᠡᠪᠬᠢᠲᠡᠢ ᠦᠷᠨᠢᠬᠦᠯᠵᠦ ᠣᠯᠠᠨ ᠲᠦᠮᠡᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠳᠤ ᠣᠷᠣᠯᠴᠠᠬᠤ ᠣᠬᠠᠮᠰᠠᠷ ᠢ ᠳᠡᠭᠡᠭᠰᠢᠯᠡᠬᠦᠯᠵᠦ ᠪᠠᠶᠢᠨ᠎ᠠ᠃      ᠣᠷᠴᠢᠮ ᠤᠨ ᠬᠤᠭᠤᠴᠠᠭᠠᠨ ᠳᠤ ᠮᠠᠨ ᠤ ᠬᠤᠰᠢᠭᠤᠨ ᠤ ᠮᠠᠯᠴᠢᠨ ᠲᠠᠷᠢᠶᠠᠴᠢᠨ ᠭᠠᠴᠠᠭ᠎ᠠ ᠳᠣᠰᠬᠤᠨ ᠤ ᠪᠠᠨ ᠪᠦᠷᠢᠶ᠎ᠡ ᠠᠴᠠ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠣᠬᠠᠭᠤᠯᠭ᠎ᠠ ᠶᠢ ᠰᠣᠨᠣᠰᠳᠠᠭ ᠪᠣᠯᠪᠠ᠃ ᠡᠳᠦᠷ ᠪᠦᠷᠢ ᠬᠦᠯᠡᠮᠵᠢ ᠳᠣᠳᠣᠷ᠎ᠠ ᠭᠤᠸᠠ᠂ ᠯᠠᠵᠣᠣ ᠪᠠᠨ ᠳᠡᠬᠦᠵᠦ ᠵᠠᠬ᠎ᠠ ᠳᠡᠯᠬᠡᠬᠦᠷ ᠲᠤ ᠭᠠᠷᠭᠠᠬᠤ ᠪᠠᠷ ᠪᠡᠯᠡᠳᠬᠡᠳᠡᠭ ᠭᠠᠯᠠᠭᠤᠲᠣ ᠪᠠᠯᠭᠠᠰᠣᠨ ᠤ ᠪᠠᠶᠠᠨᠴᠠᠶᠢᠳᠠᠮ ᠳᠣᠰᠬᠤᠨ ᠤ ᠠᠷᠠᠳ ᠵᠧᠦ ᠽᠢ ᠫᠢᠩ ᠳᠣᠰᠬᠤᠨ ᠤ ᠪᠠᠨ ᠪᠦᠷᠢᠶ᠎ᠡ ᠠᠴᠠ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠪᠣᠳᠠᠳᠣ ᠠᠭᠤᠯᠭ᠎ᠠ ᠶᠢ ᠣᠶᠢᠯᠠᠭᠠᠭᠰᠠᠨ ᠪᠠᠶᠢᠨ᠎ᠠ᠃      ᠵᠧᠦ ᠽᠢ ᠫᠢᠩ᠄ ︽ᠪᠢᠳᠠ ᠳᠠᠷᠢᠶᠠᠨ ᠠᠵᠢᠯ ᠳᠤ ᠭᠠᠷᠬᠤ ᠳᠤ ᠦᠷᠬᠦᠯᠵᠢ ᠪᠦᠷᠢᠶ᠎ᠡ ᠠᠴᠠ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠬᠠᠢ ᠰᠣᠨᠣᠰᠳᠠᠭ᠂ ᠵᠣᠭᠤᠰ ᠨᠠᠭᠠᠳᠬᠤ᠂ ᠦᠨᠳᠦᠷ ᠬᠦᠦ ᠲᠠᠢ ᠵᠢᠬᠡᠯᠡᠯᠭᠡ ᠪᠣᠯ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠭᠤᠯᠭ᠎ᠠ ᠳᠤ ᠪᠠᠭᠳᠠᠨ᠎ᠠ ᠬᠡᠰᠡᠨ ᠢ ᠮᠡᠳᠡᠪᠡ᠂ ᠳᠣᠩ ᠣᠶᠢᠯᠠᠭᠠᠮᠵᠢᠲᠠᠢ ᠪᠠᠶᠢᠨ᠎ᠠ︾ ᠬᠡᠵᠦ ᠪᠠᠶᠢᠪᠠ᠃      ᠣᠶᠢᠯᠠᠭᠠᠭᠰᠠᠨ ᠢᠶᠠᠷ ᠡᠨᠡ ᠵᠢᠯ ᠤᠨ ᠡᠬᠢᠨ ᠢᠶᠠᠷ ᠬᠤᠰᠢᠭᠤ ᠳᠣᠳᠣᠭᠠᠲᠣ ᠶᠢ ᠬᠠᠮᠠᠭᠠᠯᠠᠬᠤ ᠰᠠᠯᠠᠭ᠎ᠠ ᠮᠦᠴᠢᠷ  ᠤᠨ ᠬᠢᠨ ᠦᠪᠡᠷᠳᠡᠭᠡᠨ ᠰᠢᠩᠬᠡᠬᠡᠨ ᠦᠢᠯᠡᠳᠦᠭᠰᠡᠨ ᠮᠣᠩᠭᠤᠯ ᠬᠢᠳᠡᠳ ᠬᠤᠣᠰ ᠬᠡᠯᠡᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠣᠬᠠᠭᠤᠯᠭ᠎ᠠ ᠶᠢ ᠪᠦᠬᠦ ᠬᠤᠰᠢᠭᠤᠨ ᠤ 61 ᠭᠠᠴᠠᠭ᠎ᠠ ᠳᠣᠰᠬᠤᠨ ᠤ ᠳᠣᠰᠬᠤᠨ ᠪᠥᠷᠢ ᠳᠤ ᠨᠠᠪᠳᠠᠷᠠᠭᠦ ᠲᠦᠬᠦᠭᠡᠷᠦᠮᠵᠢ ᠶᠢ ᠠᠰᠢᠭᠯᠠᠨ ᠨᠡᠪᠳᠡᠷᠡᠬᠦᠯᠵᠦ ᠰᠦᠪᠡᠭᠴᠢ ᠬᠠᠩᠭᠠᠬᠤ᠂ ᠢᠯᠡᠴᠢᠯᠡᠨ ᠵᠠᠭᠠᠯᠳᠣᠬᠤ ᠪᠠ ᠬᠦᠬᠢᠬᠦᠯᠦᠨ ᠱᠠᠩᠨᠠᠬᠤ ᠠᠭᠤᠯᠭ᠎ᠠ ᠶᠢ ᠦᠷᠯᠦᠬᠡ᠂ ᠦᠳᠡ᠂ ᠦᠳᠡᠰᠢ ᠡᠳᠦᠷ ᠪᠦᠷᠢ 1 ᠴᠠᠭ ᠨᠡᠪᠳᠡᠷᠡᠬᠦᠯᠳᠡᠭ ᠪᠠᠶᠢᠨ᠎ᠠ᠃      ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠡᠬᠢᠯᠡᠭᠰᠡᠨ ᠠᠴᠠ ᠬᠤᠶᠢᠰᠢ ᠬᠤᠰᠢᠭᠤ ᠳᠣᠳᠣᠭᠠᠲᠣ ᠶᠢ ᠬᠠᠮᠠᠭᠠᠯᠠᠬᠤ ᠳᠣᠪᠴᠢᠶ᠎ᠠ ᠣᠯᠠᠨ ᠲᠦᠮᠡᠨ ᠢ ᠳᠠᠶᠢᠴᠢᠯᠠᠵᠦ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠹᠢᠯᠢᠮ ᠰᠢᠩᠬᠡᠬᠡᠨ ᠦᠢᠯᠡᠳᠦᠭᠰᠡᠨ ᠪᠦᠬᠡᠳ ᠳᠣᠰᠬᠤᠨ ᠤ ᠪᠦᠷᠢᠶ᠎ᠡ ᠪᠠ ᠵᠢᠷᠭᠡᠭᠡ ᠵᠡᠷᠭᠡ ᠡᠯ᠎ᠡ ᠵᠦᠢᠯ ᠤᠨ ᠵᠠᠷ ᠮᠡᠳᠡᠭᠡᠨ ᠤ ᠬᠡᠯᠪᠡᠷᠢ ᠶᠢ ᠠᠰᠢᠭᠯᠠᠨ ᠣᠬᠠᠭᠤᠯᠭ᠎ᠠ ᠶᠢ ᠰᠠᠶᠢᠳᠣᠷ ᠭᠢᠭᠰᠡᠭᠡᠷ ᠢᠷᠡᠭᠰᠠᠨ ᠪᠠᠶᠢᠨ᠎ᠠ᠃      ᠦᠦᠰᠢᠨ ᠬᠤᠰᠢᠭᠤᠨ ᠤ ᠳᠣᠳᠣᠭᠠᠲᠣ ᠶᠢ ᠬᠠᠮᠠᠭᠠᠯᠠᠬᠤ ᠳᠣᠪᠴᠢᠶᠠᠨ ᠤ ᠣᠯᠣᠰ ᠳᠦᠷᠦ ᠶᠢᠨ ᠬᠡᠯᠳᠡᠰ ᠤᠨ ᠳᠣᠰᠠᠯᠠᠬᠤ ᠴᠠᠭᠳᠠᠭ᠎ᠠ ᠯᠢᠦ ᠴᠢᠨ᠄ ︽ᠪᠦᠷᠢᠶ᠎ᠡ ᠪᠠᠷ ᠣᠬᠠᠭᠤᠯᠬᠤ ᠪᠠᠷ ᠳᠠᠮᠵᠢᠭᠤᠯᠵᠦ ︿ᠬᠠᠷ᠎ᠠ ᠪᠦᠯᠥᠭᠳᠡᠨ﹀ ᠪᠠ ︿ᠬᠠᠷᠬᠢᠰ ᠬᠦᠴᠦᠨ﹀ ᠤ ᠠᠭᠤᠯᠣᠭᠳᠠᠬᠤᠨ ᠢ ᠣᠯᠠᠨ ᠲᠦᠮᠡᠨ ᠳᠤ ᠬᠦᠨᠵᠡᠬᠡᠢ ᠳᠠᠨᠢᠭᠤᠯᠵᠦ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠠᠵᠢᠯ ᠤᠨ ᠨᠡᠶᠢᠬᠡᠮ ᠤᠨ ᠰᠠᠶᠢᠨ ᠦᠷ᠎ᠡ ᠪᠦᠲᠦᠮᠵᠢ ᠶᠢ ᠣᠯᠬᠤ ᠶᠢᠨ ᠬᠠᠮᠲᠣ ᠴᠡᠷᠢᠭ ᠠᠷᠠᠳ ᠤᠨ ᠰᠡᠳᠬᠢᠯ ᠢ ᠨᠢᠬᠡᠳᠦᠬᠦᠯᠵᠦ ᠮᠠᠯᠴᠢᠨ ᠳᠠᠷᠢᠶᠠᠴᠢᠨ ᠤ ᠠᠮᠣᠷ ᠲᠦᠪᠰᠢᠨ ᠤ ᠣᠬᠠᠮᠰᠠᠷ ᠪᠠ ᠬᠠᠨᠣᠮᠵᠢ ᠶᠢᠨ ᠪᠠᠶᠢᠳᠠᠯ ᠢ ᠶᠡᠭᠡ ᠬᠡᠮᠵᠢᠶ᠎ᠡ ᠪᠠᠷ ᠳᠡᠭᠡᠭᠰᠢᠯᠡᠬᠦᠯᠦᠭᠰᠡᠨ ᠪᠠᠶᠢᠨ᠎ᠠ︾ ᠬᠡᠪᠡ᠃      ᠮᠠᠨ ᠤ ᠬᠤᠰᠢᠭᠤ ᠪᠠᠰᠠ ᠠᠵᠣ ᠠᠬᠤᠶᠢᠯᠠᠯ᠂ ᠰᠣᠷᠭᠠᠭᠤᠯᠢ᠂ ᠨᠡᠶᠢᠬᠡᠮ ᠳᠣᠭᠤᠷᠢᠭ ᠲᠤ ᠬᠦᠷᠬᠦ᠂ ᠣᠬᠠᠭᠤᠯᠭ᠎ᠠ ᠶᠢᠨ ᠣᠷᠢᠶ᠎ᠠ ᠯᠣᠽᠦ᠋ᠩ ᠨᠠᠭᠠᠬᠤ᠂ ᠢᠯᠡᠴᠢᠯᠡᠨ ᠮᠡᠳᠡᠬᠦᠯᠬᠦ ᠬᠠᠶᠢᠷᠴᠠᠭ ᠳᠣᠬᠢᠷᠠᠭᠤᠯᠬᠤ᠂ ᠭᠤᠷᠪᠠᠨ ᠶᠡᠭᠡ ᠴᠠᠬᠢᠯᠭᠠᠨ ᠬᠤᠯᠪᠣᠭ᠎ᠠ᠂ ᠰᠤᠷᠭᠠᠭᠤᠯᠢ ᠶᠢᠨ ᠴᠢᠮᠡᠭᠡ ᠨᠡᠪᠳᠡᠷᠡᠬᠦᠯᠬᠡ᠂ ᠵᠢᠷᠬᠡᠬᠡ ᠵᠡᠷᠭᠡ ᠡᠯ᠎ᠡ ᠵᠦᠢᠯ ᠤᠨ ᠣᠬᠠᠭᠤᠯᠭ᠎ᠠ ᠶᠢᠨ ᠠᠷᠭ᠎ᠠ ᠪᠠᠷᠢᠯ ᠢ ᠬᠡᠷᠡᠭᠵᠢᠬᠦᠯᠵᠦ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠶᠢ ︽ᠬᠦᠮᠦᠨ ᠪᠦᠬᠦᠨ ᠮᠡᠳᠡᠵᠦ᠂ ᠣᠯᠠᠨ ᠲᠦᠮᠡᠨ ᠣᠷᠣᠯᠴᠠᠭᠰᠠᠨ︾ ᠶᠠᠷᠢᠶ᠎ᠠ ᠬᠡᠯᠡᠯᠴᠡᠬᠡᠨ ᠤ ᠠᠭᠤᠷ ᠠᠮᠢᠰᠬᠤᠯ ᠢ ᠪᠦᠷᠢᠯᠳᠦᠬᠦᠯᠵᠦ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号