ᠰᠢ ᠶᠢᠨ ᠫᠢᠩ ᠪᠤᠯᠤᠨ ᠫᠧᠩ ᠯᠢ ᠶᠤᠸᠠᠨ ᠰᠤᠯᠤᠩᠭᠤᠰ ᠤᠨ ᠲᠤᠮᠤ ᠬᠡᠯᠪᠡᠷᠢ ᠶᠢᠨ ᠣᠯᠠᠨ ᠨᠡᠶᠢᠲᠡ ᠶᠢᠨ ᠲᠠᠮᠢᠷ ᠪᠤᠯᠤᠨ ᠣᠷᠠᠨ ᠰᠠᠶᠢᠬᠠᠨ ᠤ ᠲᠤᠭᠯᠠᠯᠳᠠ ᠶᠢ ᠰᠤᠨᠢᠷᠬᠠᠪᠠ
ᠨᠡᠶᠢᠲᠡᠯᠡᠭᠰᠡᠨ ᠴᠠᠭ᠄
2019-06-26
     6 ᠰᠠᠷ᠎ᠠ ᠶᠢᠨ 20 ᠤ ᠤᠷᠤᠢ᠂ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠰᠤᠯᠤᠩᠭᠤᠰ ᠤᠨ ᠬᠦᠳᠡᠯᠮᠤᠷᠢᠴᠢᠨ ᠤ ᠨᠠᠮ ᠤᠨ ᠬᠤᠷᠢᠶᠡᠨ ᠲᠠᠷᠤᠭ᠎ᠠ᠂ ᠲᠦᠷᠦ ᠶᠢᠨ ᠶᠠᠪᠤᠳᠠᠯ ᠤᠨ ᠬᠤᠷᠢᠶᠡᠨ ᠤ ᠲᠠᠷᠤᠭ᠎ᠠ ᠶᠢᠨ ᠵᠧᠩ ᠡᠸ᠋ᠨ ᠪᠤᠯᠤᠨ ᠲᠡᠬᠦᠨ ᠤ ᠬᠠᠳᠤᠨ ᠯᠢ ᠰᠢᠤᠸᠠᠢ ᠵᠦ ᠶᠢᠨ ᠪᠠᠷ᠎ᠠ ᠪᠤᠯᠤᠯᠭ᠎ᠠ ᠲᠠᠢ ᠪᠠᠷ᠂ ᠫᠢᠩᠷᠠᠩ ᠤᠨ ︽5 · 1︾ ᠲᠠᠮᠢᠷ ᠤᠨ ᠲᠠᠯᠠᠪᠠᠢ ᠳᠤ ᠰᠤᠯᠤᠩᠭᠤᠰ ᠤᠨ ᠡᠯ᠎ᠡ ᠡᠳᠡᠬᠡᠳ ᠤᠨ ᠤᠯᠠᠨ ᠲᠦᠮᠡᠨ ᠲᠠᠢ ᠬᠠᠮᠳᠤ ᠲᠤᠮᠤ ᠬᠡᠯᠪᠡᠷᠢ ᠶᠢᠨ ᠤᠯᠠᠨ ᠨᠡᠶᠢᠲᠡ ᠶᠢᠨ ᠲᠠᠮᠢᠷ ᠪᠤᠯᠤᠨ ᠤᠷᠠᠨ ᠰᠠᠶᠢᠬᠠᠨ ᠤ ᠲᠤᠭᠯᠠᠯᠳᠠ ᠰᠤᠨᠢᠷᠬᠠᠪᠠ᠃      ᠲᠤᠰ ᠤᠷᠤᠢ᠂ 10 ᠲᠦᠮᠡ ᠭᠠᠷᠤᠢ ᠬᠦᠮᠥᠨ ᠪᠠᠭᠳᠠᠬᠤ ︽5 · 1︾ ᠲᠠᠮᠢᠷ ᠤᠨ ᠲᠠᠯᠠᠪᠠᠢ ᠳᠤ ᠬᠦᠮᠥᠰ ᠫᠢᠳ ᠲᠦᠬᠦᠷᠡᠳᠠᠯ᠎ᠠ ᠰᠠᠭᠤᠵᠠᠭᠠᠪᠠ᠃ ︽ᠶᠡᠷᠤᠩᠬᠡᠢ ᠱᠦᠵᠢ ᠰᠢ ᠶᠢᠨ ᠫᠢᠩ ᠪᠤᠯᠤᠨ ᠫᠧᠩ ᠯᠢ ᠶᠤᠸᠠᠨ ᠠᠪᠠᠭ᠋ᠠᠢ ᠶᠢ ᠪᠠᠶᠠᠷᠯᠠᠨ ᠤᠬᠳᠤᠶ᠎ᠠ︾᠂ ︽ᠫᠢᠩᠷᠠᠩ — ᠪᠡᠭᠡᠵᠢᠩ︾ ᠵᠡᠷᠬᠡ ᠪᠢᠴᠢᠭᠡᠰᠦ ᠤᠨᠴᠠ ᠶᠢᠨ ᠲᠤᠳᠤ ᠬᠠᠷᠠᠭᠳᠠᠨ᠎ᠠ᠃ ᠲᠤᠬᠠᠢ ᠶᠢᠨ ᠭᠠᠵᠠᠷ ᠤᠨ ᠴᠠᠭ ᠢᠶᠠᠷ ᠤᠷᠤᠢ ᠶᠢᠨ 9 ᠴᠠᠭ 40 ᠮᠢᠨᠦ᠋ᠲ ᠤᠨ ᠦᠶ᠎ᠡ ᠪᠠᠷ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠶᠢᠨ ᠵᠧᠩ ᠡᠸ᠋ᠨ ᠪᠤᠯᠤᠨ ᠲᠡᠬᠦᠨ ᠤ ᠬᠠᠳᠤᠨ ᠯᠢ ᠰᠢᠤᠸᠠᠢ ᠵᠤ᠋ ᠶᠢᠨ ᠪᠠᠷ᠎ᠡ ᠪᠤᠯᠤᠯᠭ᠎ᠠ ᠲᠠᠢ ᠪᠠᠷ᠂ ᠲᠠᠮᠢᠷ ᠤᠨ ᠲᠠᠯᠠᠪᠠᠢ ᠶᠢᠨ ᠲᠡᠷᠢᠬᠦᠯᠡᠭᠴᠢᠳ ᠤᠨ ᠲᠠᠶᠢᠰᠠᠨ ᠳᠤ ᠬᠦᠷᠪᠡ᠃ ᠲᠠᠯᠠᠪᠠᠢ ᠲᠠᠶᠠᠭᠠᠷ ᠪᠤᠰᠴᠤ ᠵᠤᠬᠰᠤᠨ ᠬᠠᠯᠠᠭᠤᠨ ᠠᠯᠠᠭ᠎ᠠ ᠲᠠᠰᠢᠯᠳᠠ ᠪᠠ ᠤᠷᠠᠶᠢᠯᠠᠬᠤ ᠲᠠᠭᠤᠨ ᠢᠶᠠᠷ ᠲᠤᠮᠳᠠᠳᠤ ᠤᠯᠤᠰ ᠤᠨ ᠬᠦᠨᠳᠤᠳᠤ ᠵᠤᠴᠢᠨ ᠤ ᠬᠦᠷᠤᠯᠴᠠᠨ ᠢᠷᠡᠭᠰᠡᠨ ᠢ ᠪᠠᠶᠠᠷᠯᠡᠨ ᠤᠬᠳᠤᠪᠠ᠃      ᠲᠤᠬᠯᠠᠯᠳᠠ ᠨᠢ ᠭᠤᠶᠢᠳᠠ ᠰᠠᠶᠢᠬᠠᠨ ᠬᠤᠸᠠᠷ ᠫᠤᠤᠵᠢᠩ ᠤᠨ ᠦᠵᠡᠭᠦᠯᠭᠡ ᠲᠤᠮᠳᠠ ᠬᠦᠰᠢᠭᠡ ᠪᠠᠨ ᠰᠡᠬᠦᠪᠡ᠃ ᠰᠤᠯᠤᠩᠭᠤᠰ ᠤᠨ ᠰᠤᠶᠤᠯ ᠤᠨ ᠶᠠᠮᠤᠨ ᠤ ᠰᠠᠶᠢᠳ ᠤᠬᠳᠤᠯᠭ᠎ᠠ ᠶᠢᠨ ᠦᠭᠡ ᠬᠡᠯᠡᠪᠡ᠃ ᠲᠤᠰ ᠲᠠᠯᠠᠪᠠᠢ ᠲᠤᠬᠯᠠᠯᠳᠠ ᠶᠢ ᠰᠢ ᠶᠢᠨ ᠫᠢᠩ ᠤᠨ ᠠᠶᠢᠯᠴᠢᠯᠠᠯᠳᠠ ᠳᠤ ᠵᠤᠷᠢᠭᠤᠯᠤᠨ ᠲᠤᠰᠬᠠᠶᠢᠯᠠᠨ ᠰᠡᠳᠬᠢᠯ ᠲᠠᠯᠪᠢᠨ ᠵᠤᠬᠢᠶᠠᠨ ᠪᠠᠶᠢᠭᠤᠯᠤᠭᠰᠠᠨ ᠶᠤᠮ᠂ ᠰᠤᠯᠤᠩᠭᠤᠰ ᠤᠨ ᠭᠡᠳᠦᠨ ᠲᠦᠮᠡᠨ ᠲᠤᠬᠯᠠᠬᠴᠢ ᠲᠤᠬᠯᠠᠯᠳᠠ ᠳᠤ ᠤᠷᠤᠯᠴᠠᠪᠠ᠃ ᠲᠤᠬᠯᠠᠯᠳᠠ ᠨᠢ ᠰᠤᠯᠤᠩᠭᠤᠰ ᠦᠨᠳᠦᠰᠦᠳᠡᠨ ᠤ ᠤᠨᠴᠠᠯᠢᠭ ᠢᠶᠠᠷ ᠮᠠᠰᠢ ᠲᠤᠪᠤᠶᠢᠮ᠎ᠠ ᠪᠠᠶᠢᠵᠤ᠂ ︽ᠨᠡᠶᠢᠭᠡᠮ ᠵᠢᠷᠦᠮᠳᠤ ᠮᠠᠨ ᠤ ᠭᠡᠷ ᠤᠷᠤᠨ︾᠂ ︽ᠢᠯᠠᠯᠳᠠ ᠶᠢᠨ ᠴᠤᠤᠷᠢᠶ᠎ᠡ︾᠂ ︽ᠨᠡᠩ ᠰᠠᠶᠢᠨ ᠰᠠᠶᠢᠬᠠᠨ ᠮᠠᠷᠭᠠᠰᠢ ᠶᠢᠨ ᠲᠦᠯᠦᠭᠡ︾ ᠂ ︽ᠡᠪᠳᠡᠷᠡᠰᠢ ᠦᠭᠡᠢ ᠪᠠᠳᠤ ᠨᠦᠬᠦᠷᠯᠡᠯ︾ ᠲᠦᠷᠪᠡᠨ ᠪᠦᠯᠦᠭ ᠢᠶᠠᠷ ᠪᠦᠷᠢᠯᠳᠦᠵᠤ᠂ ᠰᠤᠯᠤᠩᠭᠤᠰ ᠤᠨ ᠨᠡᠶᠢᠬᠡᠮ ᠵᠢᠷᠤᠮ ᠤᠨ ᠤᠶᠢᠢᠯᠡᠰ ᠤᠨ ᠬᠦᠭᠵᠢᠯᠳᠠ ᠶᠢᠨ ᠠᠮᠵᠢᠯᠳᠠ ᠪᠦᠳᠤᠮᠵᠢ ᠶᠢ ᠮᠠᠬᠳᠠᠨ ᠲᠠᠭᠤᠯᠠᠵᠤ᠂ ᠰᠤᠯᠤᠩᠭᠤᠰ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ᠂ ᠳᠤᠮᠳᠠᠳᠤ ᠰᠤᠯᠤᠩᠭᠤᠰ ᠤᠨ ᠨᠦᠬᠦᠷᠯᠠᠯ ᠢ ᠤᠯᠠᠮᠵᠢᠯᠠᠨ ᠬᠦᠭᠵᠢᠬᠦᠯᠬᠦ ᠲᠤᠯᠭᠠᠮ ᠬᠦᠰᠡᠯ ᠵᠢᠴᠢ ᠰᠢ ᠶᠢᠨ ᠫᠢᠩ ᠤᠨ ᠡᠨᠡ ᠤᠳᠠᠭ᠎ᠠ ᠶᠢᠨ ᠠᠶᠢᠯᠴᠢᠯᠠᠯᠳᠠ ᠶᠢ ᠬᠠᠯᠠᠭᠤᠨ ᠢᠶᠠᠷ ᠤᠬᠳᠤᠵᠤ ᠪᠠᠶᠢᠬᠤ ᠰᠡᠳᠬᠢᠯ ᠢᠶᠠᠨ ᠢᠯᠡᠳᠬᠡᠪᠡ᠃ ᠰᠤᠯᠤᠩᠭᠤᠰ ᠤᠨ ᠭᠤᠷᠪᠠᠨ ᠶᠡᠭᠡ ᠬᠦᠭᠵᠢᠮ ᠤᠨ ᠪᠦᠯᠬᠦᠮ᠂ ᠤᠯᠤᠰ ᠤᠨ ᠨᠠᠶᠢᠷᠠᠯ ᠬᠦᠭᠵᠢᠮ ᠤᠨ ᠪᠦᠯᠬᠦᠮ᠂ ᠭᠠᠪᠢᠶᠠᠳᠤ ᠨᠠᠶᠢᠷᠠᠯ ᠲᠠᠭᠤᠤ ᠶᠢᠨ ᠪᠦᠯᠬᠦᠮ᠂ ᠰᠠᠨ ᡂᠢ ᠶᠤᠸᠠᠨ ᠤᠷᠠᠺᠧᠰᠳ᠋ᠷᠠ ᠬᠦᠭᠵᠢᠮ ᠤᠨ ᠪᠦᠯᠬᠦᠮ ᠠᠩᠬ᠎ᠠ ᠤᠳᠠᠭ᠎ᠠ ᠬᠠᠮᠳᠤ ᠲᠠᠶᠢᠰᠠᠨ᠎ᠠ ᠲᠤᠬᠯᠠᠯᠳᠠ ᠭᠠᠷᠭᠠᠵᠠᠢ᠃ ᠲᠤᠬᠯᠠᠯᠳᠠ ᠶᠢᠨ ᠠᠬᠤᠢ ᠲᠠᠯᠠᠪᠠᠢ ᠶᠢᠨ ᠠᠷᠤ ᠦᠵᠡᠭᠳᠡᠯ ᠶᠠᠩᠵᠤ ᠶᠢᠨ ᠰᠠᠶᠢᠬᠠᠨ ᠢᠶᠠᠷ ᠬᠤᠪᠢᠷᠠᠵᠤ᠂ ᠳ᠋ᠧᠩ ᠤᠨ ᠬᠡᠷᠡᠯ ᠦᠩᠬᠡ ᠢᠯᠭᠠᠷᠠᠨ ᠲᠤᠸᠠᠯᠠᠵᠤ᠂ ᠲᠤᠬᠯᠠᠯᠳᠠ ᠭᠤᠴᠤ ᠰᠠᠶᠢᠬᠠᠨ ᠶᠠᠪᠤᠬᠳᠠᠵᠤ᠂ ᠤᠷᠠᠶᠢᠯᠠᠨ ᠬᠠᠰᠬᠢᠷᠬᠤ ᠲᠠᠭᠤᠨ᠂ ᠠᠯᠠᠭ᠎ᠠ ᠲᠠᠰᠢᠯᠳᠠ ᠶᠢᠨ ᠲᠠᠭᠤᠨ ᠲᠠᠰᠤᠷᠠᠯᠳᠠ ᠦᠬᠡᠢ ᠦᠷᠬᠦᠯᠵᠢᠯᠠᠵᠤ᠂ ᠲᠠᠯᠠᠪᠠᠢ ᠳᠠᠶᠠᠭᠠᠷ ᠴᠤᠤᠷᠢᠶᠠᠳᠤᠨ᠎ᠠ᠃ ᠪᠦᠬᠦ ᠲᠤᠬᠯᠠᠯᠳᠠ ᠰᠦᠷ ᠵᠢᠪᠬᠤᠭᠠᠳᠠᠢ ᠶᠠᠪᠤᠬᠳᠠᠵᠤ᠂ ᠬᠦᠮᠤᠰ ᠤᠨ ᠰᠡᠳᠬᠢᠯ ᠢ ᠲᠤᠩᠰᠤᠯᠭᠠᠨ᠎ᠠ᠃      ᠲᠤᠬᠯᠠᠯᠳᠠ ᠨᠢ ︽ᠰᠤᠯᠤᠩᠭᠤᠰ ᠳᠤᠮᠳᠠᠳᠤ ᠶᠢᠨ ᠨᠦᠬᠦᠷᠯᠠᠯ ᠦᠨᠢ ᠮᠦᠩᠬᠡ︾ ᠬᠡᠬᠦ ᠭᠤᠤᠯ ᠰᠡᠳᠤᠪᠳᠤ ᠲᠤᠮᠤ ᠬᠡᠯᠪᠡᠷᠢ ᠶᠢᠨ ᠳᠠᠭᠤᠤ ᠪᠦᠵᠢᠭ ᠤᠨ ᠲᠤᠬᠯᠠᠯᠳᠠ ᠳᠤᠮᠳᠠ ᠦᠨᠳᠦᠷᠯᠡᠪᠠ᠃ ᠰᠢ ᠶᠢᠨ ᠫᠢᠩ ᠪᠤᠯᠤᠨ ᠶᠢᠨ ᠵᠧᠩ ᠡᠸ᠋ᠨ ᠪᠦᠬᠦ ᠲᠠᠯᠠᠪᠠᠢ ᠶᠢᠨ ᠦᠵᠡᠭᠴᠢᠳ ᠲᠠᠢ ᠬᠠᠮᠳᠤ ᠪᠤᠰᠴᠤ ᠵᠤᠬᠰᠤᠨ᠂ ᠤᠷᠠᠯᠢᠬᠴᠢᠳ ᠪᠤᠯᠤᠨ ᠲᠤᠬᠯᠠᠬᠴᠢᠳ ᠤᠨ ᠭᠤᠴᠤ ᠰᠠᠶᠢᠬᠠᠨ ᠲᠤᠭᠯᠠᠯᠳᠠ ᠳᠤ ᠤᠳᠠᠳᠠᠯ᠎ᠠ ᠠᠯᠠᠭ᠎ᠠ ᠲᠠᠰᠢᠵᠤ ᠪᠠᠶᠠᠷ ᠬᠦᠷᠬᠡᠵᠠᠢ᠃ ᠬᠤᠸᠠᠷ ᠫᠤᠤᠵᠢᠩ ᠲᠠᠮᠢᠷ ᠤᠨ ᠲᠠᠯᠠᠪᠠᠢ ᠶᠢᠨ ᠳᠡᠭᠡᠷᠡᠬᠢ ᠤᠭᠳᠠᠷᠭᠤᠢ ᠳᠤ ᠳᠠᠬᠢᠨᠳᠠ ᠳᠤᠤᠭᠠᠷᠴᠤ᠂ ᠭᠠᠶᠢᠬᠠᠮᠰᠢᠬᠳᠤ ᠰᠠᠶᠢᠬᠠᠨ ᠦᠵᠡᠮᠵᠢ ᠪᠦᠷᠢᠯᠳᠦᠬᠦᠯᠪᠡ᠃ ᠲᠤᠬᠯᠠᠯᠲᠠ ᠳᠠᠭᠤᠰᠤᠬᠰᠠᠨ ᠤ ᠳᠠᠷᠠᠭ᠎ᠠ᠂ ᠳᠤᠮᠳᠠᠳᠤ ᠶᠢᠨ ᠲᠠᠯ᠎ᠠ ᠠᠴᠠ ᠰᠤᠯᠤᠩᠭᠤᠰ ᠤᠨ ᠲᠠᠯ᠎ᠠ ᠳᠤ ᠰᠠᠬᠰᠤᠳᠤ ᠴᠡᠴᠡᠭ ᠬᠦᠷᠭᠡᠵᠦ᠂ ᠲᠤᠬᠯᠠᠯᠲᠠ ᠶᠢᠨ ᠠᠮᠵᠢᠯᠲᠠ ᠤᠯᠤᠬᠰᠠᠨ ᠳᠤ ᠪᠠᠶᠠᠷ ᠬᠦᠷᠭᠡᠪᠡ᠃ ᠰᠢ ᠶᠢᠨ ᠫᠢᠩ ᠬᠠᠲᠤᠨ ᠫᠧᠩ ᠯᠢ ᠶᠤᠸᠠᠨ ᠲᠠᠢ ᠪᠠᠨ᠂ ᠶᠢᠨ ᠵᠧᠩ ᠡᠸ᠋ᠨ ᠬᠠᠲᠤᠨ ᠯᠢ ᠰᠢᠤᠸᠠᠢ ᠵᠦ ᠲᠠᠢ ᠪᠠᠨ ᠬᠠᠮᠳᠤ ᠲᠠᠶᠢᠰᠤᠨ ᠳᠤ ᠭᠠᠷᠴᠤ᠂ ᠰᠤᠯᠤᠩᠭᠤᠰ ᠤᠨ ᠤᠷᠠᠯᠢᠭᠴᠢᠳ ᠪᠠ ᠤᠯᠠᠨ ᠲᠦᠮᠡᠨ ᠳᠤ ᠳᠠᠬᠢᠨᠳᠠ ᠲᠠᠯᠠᠷᠬᠠᠯ ᠳᠡᠪᠰᠢᠭᠦᠯᠬᠦ ᠶᠢᠨ ᠬᠠᠮᠲᠤ ᠭᠡᠷᠡᠯ ᠵᠢᠷᠤᠭ ᠲᠠᠲᠠᠭᠤᠯᠤᠨ ᠳᠤᠷᠠᠰᠬᠠᠯ ᠦᠯᠡᠳᠡᠭᠡᠪᠡ᠃      ᠳ᠋ᠢᠩ ᠰᠢᠤᠸᠠᠢ ᠰᠢᠶᠠᠩ᠂ ᠶᠠᠩ ᠵᠢᠶᠧ ‍ᠤᠤᠢ᠂ ᠸᠠᠩ ᠢ᠂ ᠡᡁᠧ ᠯᠢ ᠹᠧᠩ ᠵᠡᠷᠭᠡ ᠳᠤᠮᠳᠠᠳᠤ ᠶᠢᠨ ᠲᠠᠯ᠎ᠠ ᠶᠢᠨ ᠪᠠᠷ᠎ᠠ ᠪᠤᠯᠤᠬᠰᠠᠳ ᠵᠢᠴᠢ ᠼᠦᠢ ᠯᠦᠩ ᠬᠠᠢ᠂ ᠫᠢᠶᠤᠤ ᠹᠧᠩ ᠵᠦ᠂ ᠶᠢᠨ ᠼᠠᠢ ᠯᠦᠩ᠂ ᠯᠢ ᠶᠦᠩ ᠬᠤᠤ᠂ ᠯᠢ ᠸᠠᠨ ᠵᠢᠶᠠᠨ᠂ ᠫᠢᠶᠤᠤ ᠭᠤᠸᠠᠩ ᠬᠤᠤ᠂ ᠯᠢ ᠵᠦ ᠶᠦᠩ᠂ ᠶᠢᠨ ᠫᠢᠩ ᠬᠠᠢ᠂ ᠼᠦᠢ ᠬᠤᠢ᠂ ᠦ᠋ ᠱᠸᠤ ᠶᠦᠩ᠂ ᠠᠨ ᠵᠧᠩ ᠰᠢᠤ᠂ ᠫᠢᠶᠤᠤ ᠲᠠᠢ ᠳ᠋ᠧ᠂ ᠫᠢᠶᠤᠤ ᠲᠠᠢ ᠴᠧᠩ᠂ ᠶᠢᠨ ᠶᠢᠩ ᠵᠧ᠂ ᠶᠢᠨ ᠰᠢᠤ ᠵᠢᠢ᠂ ᠲᠠᠢ ᠾᠧᠩ ᠴᠧ᠂ ᠯᠦ ᠳ᠋ᠸᠤ ᠵᠧ᠂ ᠼᠦᠢ ᠹᠦ᠋ ᠿᠢ᠂ ᠵᠧᠩ ᠵᠢᠩ ᠽᠧ᠂ ᠵᠤᠤ ᠶᠦᠩ ᠶᠤᠸᠠᠠ᠂ ᠨᠤ᠋ ᠭᠤᠸᠠᠩ ᠲᠢᠶᠧ᠂ ᠶᠢᠨ ᠳ᠋ᠧ ᠰᠢᠶᠦ᠋ᠨ᠂ ᠯᠢ ᠯᠦᠩ ᠨᠠᠨ᠂ ᠶᠢᠨ ᠭᠤᠸᠠᠩ ᠬᠤᠤ᠂ ᠶᠢᠨ ᠨᠧᠩ ᠦ᠋᠂ ᠶᠢᠨ ᠢᠤᠢ ᠵᠧᠩ ᠨᠡᠷ ᠪᠠᠰᠠ ᠲᠤᠬᠯᠠᠯᠲᠠ ᠶᠢ ᠰᠤᠨᠢᠷᠬᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号