ᠪᠦᠬᠦ ᠤᠯᠤᠰ ᠤᠨ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠬᠰᠠᠨ ᠪᠠ ᠵᠡᠮᠳᠡᠭᠴᠦᠳ ᠢ ᠲᠣᠰᠠᠯᠠᠵᠣ ᠶᠠᠳᠠᠭᠤ ᠶᠢ ᠲᠡᠳᠭᠦᠭᠰᠡᠨ ᠲᠡᠷᠢᠭᠦᠨ ᠤ ᠨᠡᠶᠢᠲᠡᠯᠢᠭ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠬᠤᠷᠠᠯᠳᠣᠵᠠᠢ
ᠨᠡᠶᠢᠲᠡᠯᠡᠭᠰᠡᠨ ᠴᠠᠭ᠄
2019-06-26
     6 ᠰᠠᠷ᠎ᠠ ᠶᠢᠨ 22 ᠤᠨ ᠦᠳᠡ ᠶᠢᠨ ᠬᠤᠶᠢᠨ᠎ᠠ᠂ ᠪᠦᠬᠦ ᠤᠯᠤᠰ ᠤᠨ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠰᠠᠨ ᠪᠠ ᠵᠡᠮᠳᠡᠭᠴᠦᠳ ᠢ ᠲᠤᠰᠠᠯᠠᠵᠤ ᠶᠠᠳᠠᠭᠤ ᠶᠢ ᠲᠡᠳᠭᠦᠭᠰᠡᠨ ᠳᠡᠷᠢᠬᠦᠨ ᠤ ᠨᠡᠶᠢᠲᠡᠯᠢᠭ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠬᠦᠬᠡᠬᠤᠲᠠ ᠳᠤ ᠬᠤᠷᠠᠯᠳᠤᠪᠡ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠦᠪᠡᠷᠲᠡᠭᠡᠨ ᠵᠠᠰᠠᠬᠤ ᠤᠷᠤᠨ ᠤ ᠵᠡᠮᠳᠡᠭᠴᠦᠳ ᠤᠨ ᠠᠵᠢᠯ ᠤᠨ ᠵᠦᠪᠯᠡᠯ ᠤᠨ ᠡᠷᠬᠢᠯᠡᠭᠴᠢ ᠡᠸᠦ ᠶᠠᠩ ᠰᠢᠶᠤᠤ ᠬᠤᠢ ᠬᠤᠷᠠᠯ ᠳᠤ ᠤᠷᠤᠯᠴᠠᠪᠠ᠃      ᠮᠡᠳᠡᠭᠦᠯᠦᠯᠲᠡ ᠶᠢᠨ ᠬᠤᠷᠠᠯ ᠳᠡᠭᠡᠷ᠎ᠠ᠂ ᠦᠪᠦᠷ ᠮᠤᠩᠭᠤᠯ᠂ ᠬᠠᠷᠠᠮᠦ᠋ᠷᠡᠨ᠂ ᠾᠧᠨᠠᠨ᠂ ᠱᠠᠨᠰᠢ᠂ ᠾᠧᠪᠸᠢ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠡᠷᠭᠡ ᠭᠠᠵᠠᠷ ᠠᠴᠠ ᠬᠦᠷᠦᠯᠴᠡᠨ ᠢᠷᠡᠭᠰᠠᠨ 6 ᠪᠦᠬᠦ ᠤᠯᠤᠰ ᠤᠨ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠰᠠᠨ ᠪᠠ ᠵᠡᠮᠳᠡᠭᠴᠦᠳ ᠢ ᠳᠤᠰᠠᠯᠠᠵᠤ ᠶᠠᠳᠠᠭᠤ ᠶᠢ ᠲᠡᠳᠭᠦᠭᠰᠡᠨ ᠳᠡᠷᠢᠬᠦᠨ ᠤ ᠨᠡᠶᠢᠲᠡᠯᠢᠭ ᠵᠢᠱᠢᠶᠠᠴᠢ ᠠᠴᠠ ᠰᠢᠷᠭᠠᠭᠤ ᠬᠠᠲᠠᠭᠤᠵᠢᠯᠲᠠᠢ ᠲᠡᠮᠡᠴᠡᠨ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠥ᠂ ᠵᠡᠮᠳᠡᠭᠴᠦᠳ ᠢ ᠲᠤᠰᠠᠯᠠᠵᠤ ᠶᠠᠳᠠᠭᠤ ᠶᠢ ᠲᠠᠳᠬᠦᠭᠰᠡᠨ ᠦᠯᠢᠭᠡᠷ ᠢᠶᠠᠨ ᠲᠤᠭᠠᠴᠢᠵᠤ᠂ ᠦᠪᠡᠷ ᠤᠨ ᠪᠡᠶ᠎ᠠ ᠶᠢᠨ ᠦᠡᠭᠭᠡᠷᠡᠯᠲᠡ ᠪᠠᠷ ᠢᠶᠠᠨ ᠵᠡᠮᠳᠡᠭᠴᠦᠳ ᠤᠨ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠵᠤᠷᠢᠭᠳᠠᠢ ᠪᠠᠷ ᠵᠠᠮ ᠨᠡᠭᠡᠭᠡᠵᠤ ᠡᠷᠡᠯᠭᠡᠭᠯᠠᠨ ᠲᠡᠮᠡᠴᠡᠬᠦ ᠵᠤᠷᠢᠭ ᠰᠠᠨᠠᠭ᠎ᠠ ᠪᠠ ᠶᠠᠳᠠᠭᠤ ᠠᠴᠠ ᠠᠩᠭᠢᠵᠢᠷᠠᠨ ᠬᠤᠪᠢ ᠵᠠᠶᠠᠭ᠎ᠠ ᠪᠠᠨ ᠬᠤᠪᠢᠷᠠᠭᠤᠯᠬᠤ ᠡᠷᠡᠰ ᠪᠠᠲᠤ ᠬᠠᠳᠠᠨ ᠵᠤᠷᠢᠭ ᠵᠢᠴᠢ ᠵᠠᠮᠳᠡᠭᠴᠦᠳ ᠢ ᠬᠠᠪᠰᠤᠷᠤᠨ ᠲᠠᠳᠬᠦᠬᠦ ᠪᠠᠷ ᠪᠠᠶᠠᠰᠤᠯ ᠢᠶᠠᠨ ᠪᠤᠯᠭᠠᠬᠤ ᠬᠠᠶᠢᠷ᠎ᠠ ᠰᠡᠳᠭᠢᠯᠭᠡ ᠪᠠᠨ ᠬᠦᠢᠴᠡᠳ ᠢᠯᠡᠷᠡᠬᠦᠯᠵᠠᠢ᠃ ᠮᠠᠨ ᠤ ᠤᠷᠤᠨ ᠤ ᠡᠯ᠎ᠠ ᠠᠶᠢᠮᠠᠭ ᠬᠤᠳᠠ᠂ ᠬᠤᠰᠢᠭᠤ ᠰᠢᠶᠠᠨ ᠪᠠᠰᠠ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠤ᠂ ᠲᠤᠰ ᠤᠳᠠᠭ᠎ᠠ ᠶᠢᠨ ᠮᠡᠳᠡᠭᠦᠯᠤᠯᠳᠠ ᠶᠢᠨ ᠬᠤᠷᠠᠯ ᠢ ᠭᠦᠯᠢᠶᠠᠨ ᠠᠪᠴᠤ ᠰᠤᠨᠤᠰᠪᠠ᠃      ᠦᠢᠯᠠᠭᠠᠭᠰᠠᠨ ᠢᠶᠠᠷ᠂ ᠲᠤᠰ ᠤᠳᠠᠭ᠎ᠠ ᠶᠢᠨ ᠮᠡᠳᠡᠭᠦᠯᠤᠯᠳᠠ ᠶᠢᠨ ᠬᠤᠷᠠᠯ ᠢ ᠲᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ᠂ ᠲᠦᠷᠤ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠭᠦᠬᠦ ᠨᠡᠭᠡᠭᠡᠯᠳᠠ ᠶᠢᠨ ᠠᠯᠪᠠᠨ ᠭᠡᠷ᠂ ᠪᠦᠭᠦ ᠤᠯᠤᠰ ᠤᠨ ᠡᠮᠡᠭᠳᠠᠶᠢᠴᠤᠳ ᠤᠨ ᠬᠤᠯᠪᠤᠭ᠎ᠠ ᠪᠤᠯᠤᠨ ᠡᠪ ᠬᠠᠮᠲᠦ ᠵᠠᠯᠠᠭᠤᠴᠤᠳ ᠤᠨ ᠡᠪᠯᠡᠯ ᠤᠨ ᠲᠦᠪ ᠬᠤᠷᠢᠶ᠎ᠠ ᠵᠡᠷᠭᠡ ᠰᠠᠯᠠᠭ᠎ᠠ ᠮᠦᠴᠢᠷ ᠬᠠᠮᠳᠤᠷᠠᠨ ᠵᠤᠬᠢᠶᠠᠨ ᠪᠠᠶᠢᠭᠤᠯᠵᠤ᠂ 13 ᠵᠠᠮᠳᠡᠭ ᠭᠦᠮᠤᠨ ᠤ ᠶᠠᠳᠠᠭᠤ ᠠᠴᠠ ᠠᠩᠬᠢᠵᠢᠷᠠᠭᠰᠠᠨ ᠨᠡᠶᠢᠳᠡᠯᠢᠭ ᠵᠢᠱᠢᠶ᠎ᠠ ᠪᠤᠯᠤᠨ ᠵᠡᠮᠳᠡᠭᠴᠦᠳ ᠢ ᠳᠤᠰᠠᠯᠠᠵᠤ ᠶᠠᠳᠠᠭᠤ ᠶᠢ ᠳᠡᠳᠭᠦᠭᠰᠡᠨ ᠲᠡᠷᠢᠭᠦᠨ ᠤ ᠨᠡᠶᠢᠳᠡᠯᠢᠭ ᠵᠢᠱᠢᠶ᠎ᠠ ᠪᠠᠷ ᠪᠦᠷᠢᠯᠳᠦᠭᠰᠡᠨ ︽ᠪᠦᠭᠦ ᠤᠯᠤᠰ ᠤᠨ ᠵᠠᠮᠳᠡᠭᠴᠤᠳ ᠤᠨ ᠶᠠᠳᠠᠭᠤ ᠠᠴᠠ ᠠᠩᠬᠢᠵᠢᠷᠠᠬᠰᠠᠨ ᠪᠠ ᠵᠡᠮᠳᠡᠭᠴᠦᠳ ᠢ ᠲᠤᠰᠠᠯᠠᠵᠤ ᠶᠠᠳᠠᠭᠤ ᠶᠢ ᠳᠡᠳᠭᠦᠭᠰᠡᠨ ᠲᠡᠷᠢᠭᠦᠨ ᠤ ᠦᠢᠯᠠ ᠠᠵᠢᠯᠯᠠᠭ᠎ᠠ ᠶᠢᠨ ᠲᠤᠭᠤᠷᠢᠨ ᠮᠡᠳᠡᠬᠦᠯᠤᠯᠳᠠ ᠶᠢᠨ ᠪᠦᠯᠭᠦᠮ︾ ᠠᠴᠠ ᠬᠤᠶᠠᠷ ᠲᠤᠭᠤᠶᠢᠯᠠᠩ ᠬᠤᠪᠢᠶᠠᠵᠤ᠂ 6 ᠰᠠᠷ᠎ᠠ ᠶᠢᠨ ᠲᠤᠮᠳᠠᠴᠢ ᠪᠠ ᠰᠡᠭᠦᠯᠴᠢ ᠪᠠᠷ ᠦᠪᠤᠷ ᠮᠤᠩᠭᠤᠯ᠂ ᠾᠧᠨᠠᠨ᠂ ᠬᠤᠨᠠᠨ᠂ ᠰᠧᠴᠤᠸᠠᠨ᠂ ᠭᠦᠢᠵᠸᠤ ᠪᠤᠯᠤᠨ ᠱᠠᠨᠰᠢ ᠵᠡᠷᠭᠡ 6 ᠮᠤᠵᠢ ᠦᠪᠡᠷᠳᠡᠬᠡᠨ ᠵᠠᠰᠠᠬᠤ ᠤᠷᠤᠨ ᠢᠶᠠᠷ ᠲᠤᠭᠤᠷᠢᠨ ᠤᠬᠠᠭᠤᠯᠤᠨ ᠲᠠᠶᠢᠯᠪᠤᠷᠢᠯᠠᠬᠤ ᠪᠤᠯᠤᠨ᠎ᠠ᠃      ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号