ᠪᠥᠭᠦ ᠬᠤᠰᠢᠭᠤᠨ ᠤ ᠵᠠᠯᠠᠭᠤ ᠺᠠᠳ᠋ᠷᠴᠤᠳ ᠤᠨ ᠪᠤᠯᠪᠠᠰᠤᠷᠠᠯ ᠤᠨ ᠠᠩᠭᠢ ᠰᠤᠷᠤᠯᠭ᠎ᠠ ᠲᠠᠭᠦᠰᠪᠡ
ᠨᠡᠶᠢᠲᠡᠯᠡᠭᠰᠡᠨ ᠴᠠᠭ᠄
2019-06-26
     6 ᠰᠠᠷ᠎ᠠ ᠶᠢᠨ 21 ᠤ ᠡᠳᠤᠷ᠂ ᠪᠥᠭᠦ ᠬᠤᠰᠢᠭᠤᠨ ᠤ ᠵᠠᠯᠠᠭᠤ ᠺᠠᠳ᠋ᠷᠴᠤᠳ ᠤᠨ ᠪᠤᠯᠪᠠᠰᠤᠷᠠᠯ ᠤᠨ ᠠᠩᠭᠢ  ᠶᠢᠨ  ᠰᠤᠷᠤᠯᠭ᠎ᠠ ᠠᠮᠵᠢᠯᠳᠠ ᠲᠠᠢ ᠲᠠᠭᠦᠰᠥᠭᠰᠠᠨ ᠪᠠᠶᠢᠨ᠎ᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠪᠤᠶᠠᠠᠮᠠᠠᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ  ᠤ ᠲᠠᠷᠢᠭᠦᠯᠡᠭᠴᠢ ᠬᠤᠤ ᠸᠧᠢ᠂ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠤᠯᠤᠰ ᠲᠥᠷᠥ ᠬᠠᠤᠯᠢ ᠴᠠᠭᠠᠵᠠ  ᠶᠢᠨ ᠬᠤᠷᠢᠶᠠᠨ ᠤ ᠱᠥᠵᠢ ᠰᠤᠷᠭᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠠᠭᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠥᠵᠢ  ᠭᠢᠨᠠᠨ ᠪᠠᠶᠢᠴᠠᠭᠠᠬᠤ ᠵᠥᠪᠯᠠᠯ ᠤᠨ ᠡᠷᠭᠢᠯᠡᠭᠴᠢ ᠯᠠᠨ ᠲᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠰᠤ᠋ ᠰᠢᠨ ᠹᠠ ᠪᠤᠯᠤᠨ ᠰᠤᠪᠤᠷᠭ᠎ᠠ ᠠᠵᠤ ᠠᠬᠤᠢ ᠶᠢᠨ ᠨᠡᠭᠡᠭᠡᠯᠳᠠ ᠶᠢᠨ ᠤᠷᠤᠨ᠂ ᠨᠠᠷᠢᠠᠭᠤᠤᠯ ᠠᠵᠤ ᠥᠢᠯᠡᠳᠪᠤᠷᠢ ᠶᠢᠨ ᠭᠥᠷᠢᠶᠠᠯᠠᠩ ᠲᠤᠭᠤᠷᠢᠭ ᠤᠨ ᠬᠤᠪᠢᠶᠠᠷᠢᠯᠠᠨ ᠬᠠᠷᠢᠭᠤᠴᠠᠬᠤ ᠬᠠᠷᠢᠭᠤᠴᠠᠯᠭᠠᠳᠠᠨ᠂ ᠡᠯ᠎ᠠ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ ᠪᠤᠯᠤᠨ ᠪᠤᠯᠪᠠᠰᠤᠷᠠᠯ ᠤᠨ ᠠᠩᠭᠢ  ᠶᠢᠨ ᠪᠥᠭᠦ ᠰᠤᠷᠤᠯᠭᠠᠳᠠᠨ ᠰᠤᠷᠤᠯᠭ᠎ᠠ ᠲᠠᠭᠦᠰᠭᠦ ᠶᠤᠰᠤᠯᠠᠯ ᠳᠤ ᠤᠷᠤᠯᠴᠠᠪᠠ᠃      ᠶᠤᠰᠤᠯᠠᠯ ᠲᠡᠭᠡᠷ᠎ᠡ 8 ᠰᠤᠷᠤᠯᠭᠠᠳᠠᠨ ᠤ ᠲᠥᠯᠥᠭᠡᠯᠡᠭᠴᠢ ᠠᠴᠠ ᠢᠯᠡᠳᠭᠡᠯ ᠬᠢᠪᠡ᠃ ᠶᠤᠰᠤᠯᠠᠯ ᠳᠤ ᠤᠷᠤᠯᠴᠠᠭᠰᠠᠨ ᠤᠳᠤᠷᠢᠳᠤᠯᠭ᠎ᠠ ᠠᠴᠠ ᠪᠤᠯᠪᠠᠰᠤᠷᠠᠯ ᠳᠤ ᠤᠷᠤᠯᠴᠠᠭᠰᠠᠨ ᠪᠥᠭᠦ ᠰᠤᠷᠤᠯᠭᠠᠳᠠᠨ ᠳᠤ ᠲᠠᠭᠦᠰᠭᠦ ᠥᠨᠠᠮᠯᠠᠯ ᠭᠠᠷᠳᠠᠭᠤᠯᠪᠠ᠃      ᠰᠤ᠋ ᠰᠢᠨ ᠹᠠ ᠬᠤᠰᠢᠭᠤ ᠨᠠᠮ ᠤᠨ ᠬᠤᠷᠢᠶ᠎ᠠ ᠶᠢ ᠲᠥᠯᠥᠭᠡᠯᠡᠨ ᠶᠠᠷᠢᠶ᠎ᠠ ᠲᠠᠯᠪᠢᠵᠤ ᠲᠤᠰ ᠬᠤᠭᠤᠴᠠᠭᠠᠨ ᠤ ᠪᠤᠯᠪᠠᠰᠤᠷᠠᠯ ᠤᠨ ᠠᠩᠭᠢ ᠶᠢᠨ ᠡᠯ᠎ᠠ ᠲᠥᠷᠤᠯ ᠤᠨ ᠠᠵᠢᠯ ᠳᠤ ᠨᠤᠳᠠᠯᠠᠯᠳᠠ ᠥᠭᠭᠦ ᠶᠢᠨ ᠬᠠᠮᠳᠤ ᠥᠷᠭᠡᠨ ᠣᠯᠠᠨ ᠵᠠᠯᠠᠭᠤ ᠺᠠᠳ᠋ᠷᠴᠤᠳ ᠤᠨ ᠥᠰᠥᠨ ᠪᠤᠶᠢᠵᠢᠯᠳᠠ᠂ ᠭᠥᠮᠤᠵᠢᠬᠦᠯᠦᠯᠲᠡ ᠵᠡᠷᠭᠡ ᠲᠠᠯ᠎ᠠ ᠳᠤ ᠭᠥᠰᠠᠯ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠲᠠᠷᠠ ᠴᠢᠬᠤᠯᠠᠴᠢᠯᠠᠬᠤ ᠳᠤ ᠪᠠᠨ᠂ ᠵᠠᠯᠠᠭᠤ ᠺᠠᠳ᠋ᠷᠴᠤᠳ ᠢᠳᠡᠭᠡᠯ ᠭᠥᠰᠡᠯ ᠢᠶᠠᠨ ᠪᠠᠳᠤᠳᠬᠠᠨ ᠰᠢᠯᠢᠳᠡᠭ ᠺᠠᠳ᠋ᠷ ᠪᠤᠯᠵᠤ ᠰᠤᠷᠤᠯᠴᠠᠬᠤ ᠶᠢᠨ ᠲᠠᠭᠠᠤ ᠠᠵᠢᠯᠯᠠᠵᠤ᠂ ᠠᠵᠢᠯᠯᠠᠬᠤ ᠶᠢᠨ ᠲᠠᠭᠠᠤ ᠰᠤᠷᠤᠯᠴᠠᠨ ᠰᠢ ᠶᠢᠨ ᠫᠢᠩ ᠤᠨ ᠰᠢᠨ᠎ᠠ ᠴᠠᠭ ᠥᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠥᠵᠠᠯ ᠰᠠᠨᠠᠭ᠎ᠠ ᠪᠠᠷ ᠲᠠᠷᠢᠭᠢ ᠲᠤᠯᠤᠭᠠᠢ ᠪᠠᠨ ᠵᠡᠪᠰᠡᠭᠯᠠᠵᠦ ᠥᠢᠯᠡᠳᠤᠯᠭᠡ ᠪᠠᠨ ᠵᠢᠯᠤᠭᠤᠳᠤᠯᠤᠨ ᠠᠵᠢᠯ ᠢᠶᠠᠨ ᠠᠭᠢᠭᠤᠯᠵᠤ ︽ᠲᠥᠷᠪᠡᠨ ᠤᠬᠠᠮᠰᠠᠷ︾ ᠢ ᠪᠤᠢ ᠪᠤᠯᠭᠠᠨ ︽ᠲᠥᠷᠪᠡᠨ ᠢᠳᠡᠭᠡᠯ︾ ᠢ ᠪᠠᠳᠤᠳᠬᠠᠵᠤ ︽ᠬᠤᠶᠠᠷ ᠢ ᠬᠠᠮᠠᠭᠠᠯᠠᠬᠤ︾ ᠶᠢ ᠪᠠᠶᠠᠯᠠᠭᠦᠯᠤᠨ ᠤᠯᠠᠨ ᠲᠥᠮᠡᠨ ᠳᠤ ᠥᠢᠯᠡᠴᠢᠯᠡᠭᠰᠠᠨ ᠰᠠᠶᠢᠨ ᠺᠠᠳ᠋ᠷ ᠪᠤᠯᠵᠤ ᠠᠷᠠᠳ ᠲᠥᠮᠡᠨ ᠢᠶᠠᠷ ᠭᠤᠤᠯ ᠪᠤᠯᠭᠠᠭᠰᠠᠨ ᠭᠥᠭᠵᠢᠯᠳᠠ ᠶᠢᠨ ᠥᠵᠠᠯ ᠰᠠᠨᠠᠭ᠎ᠠ ᠶᠢ ᠪᠠᠷᠢᠮᠳᠠᠯᠠᠨ ᠤᠯᠠᠨ ᠲᠥᠮᠡᠨ ᠳᠤ ᠥᠨᠠᠠᠴᠢ ᠪᠠᠷ ᠬᠠᠨᠳᠤᠬᠤ ᠭᠡᠷᠡᠭᠳᠠᠢ᠃ ᠰᠤᠷᠤᠯᠴᠠᠯᠭ᠎ᠠ ᠪᠤᠯᠪᠠᠰᠤᠷᠠᠯ ᠢᠶᠠᠨ ᠲᠡᠭᠡᠭᠰᠢᠯᠠᠭᠦᠯᠤᠨ ᠡᠷᠳᠠᠮ ᠴᠢᠳᠠᠪᠤᠷᠢ ᠥᠨᠳᠤᠷ ᠺᠠᠳ᠋ᠷ ᠪᠤᠯᠵᠤ ᠰᠤᠷᠤᠯᠴᠠᠬᠤ ᠰᠢᠨᠠᠴᠢᠯᠠᠭᠦ ᠲᠤᠮᠳᠠ ᠤᠨᠤᠯ ᠤᠨ ᠪᠤᠯᠪᠠᠰᠤᠷᠠᠯ ᠢᠶᠠᠨ ᠲᠡᠭᠡᠭᠰᠢᠯᠠᠭᠦᠯᠤᠨ ᠰᠠᠨᠠᠭᠠᠴᠢᠯᠠᠭ᠎ᠠ ᠠᠴᠠ ᠪᠠᠨ ᠰᠤᠷᠤᠯᠴᠠᠠ ᠴᠢᠳᠠᠪᠤᠷᠢ ᠭᠡᠪ ᠴᠢᠨᠠᠷ ᠢᠶᠠᠨ ᠲᠡᠭᠡᠭᠰᠢᠯᠠᠭᠦᠯᠵᠤ ᠥᠢᠯᠡᠳᠤᠯᠭᠡ ᠲᠤᠮᠳᠠ ᠠᠵᠢᠯ ᠤᠨ ᠭᠢᠷᠢ ᠲᠥᠪᠰᠢᠨ  ᠢᠶᠠᠨ ᠲᠡᠭᠡᠭᠰᠢᠯᠠᠭᠦᠯᠭᠦ ᠭᠡᠷᠡᠭᠳᠠᠢ᠃ ᠵᠤᠷᠢᠭᠳᠠᠢ ᠡᠭᠦᠷᠭᠡᠯᠠᠨ ᠪᠤᠳᠠᠳᠠᠢ ᠬᠠᠷᠢᠭᠤᠴᠠᠵᠤ ᠠᠵᠢᠯ ᠡᠷᠭᠢᠯᠠᠨ ᠥᠢᠯᠡᠰ ᠪᠥᠳᠥᠭᠡᠵᠤ  ᠥᠪᠡᠷ ᠤᠨ ᠪᠤᠳᠠᠳᠤ ᠠᠵᠢᠯᠯᠠᠭ᠎ᠠ ᠪᠠᠷ ᠢᠶᠠᠨ ᠵᠤᠭᠢᠶᠠᠨ ᠪᠠᠶᠢᠭᠤᠯᠤᠯᠳᠠ ᠶᠢᠨ ᠥᠨᠡᠯᠡᠯᠳᠠ ᠪᠠ ᠬᠠᠮᠳᠤ ᠠᠵᠢᠯᠯᠠᠭᠰᠠᠳ ᠤᠨ ᠢᠳᠡᠭᠡᠯ ᠢ ᠤᠯᠵᠤ ᠥᠪᠠᠷ ᠢ ᠪᠠᠨ ᠴᠢᠩᠭ᠎ᠠ ᠱᠠᠭᠠᠷᠳᠠᠨ ᠠᠷᠢᠭᠤᠨ ᠴᠡᠪᠡᠷᠴᠢ ᠺᠠᠳ᠋ᠷ ᠪᠤᠯᠬᠤ ᠭᠡᠷᠡᠭᠳᠠᠢ ᠭᠡᠵᠡᠢ᠃      ᠰᠤ᠋ ᠰᠢᠨ ᠹᠠ ᠴᠢᠬᠤᠯᠠᠴᠢᠯᠠᠬᠤ ᠳᠤ ᠪᠠᠨ᠂ ᠡᠯ᠎ᠠ ᠱᠠᠳᠤᠨ ᠤ ᠨᠠᠮ ᠤᠨ ᠵᠤᠭᠢᠶᠠᠨ ᠪᠠᠶᠢᠭᠤᠯᠤᠯᠳᠠ ᠰᠢᠯᠢᠳᠡᠭ ᠵᠠᠯᠠᠭᠤ ᠺᠠᠳ᠋ᠷᠴᠤᠳ ᠢ ᠭᠥᠮᠤᠵᠢᠭᠦᠯᠭᠦ ᠥᠵᠠᠯ ᠰᠠᠨᠠᠭᠠᠨ ᠤ ᠤᠬᠠᠮᠰᠠᠷ ᠪᠠ ᠥᠢᠯᠡ ᠠᠵᠢᠯᠯᠠᠭᠠᠨ ᠤ ᠤᠬᠠᠮᠰᠠᠷ ᠢ ᠤᠯᠠᠮ ᠨᠢᠭᠡ ᠠᠯᠠᠬᠤᠮ ᠲᠡᠭᠡᠭᠰᠢᠯᠠᠭᠦᠯᠤᠨ ᠰᠢᠯᠢᠳᠡᠭ ᠵᠠᠯᠠᠭᠤ ᠺᠠᠳ᠋ᠷ ᠢ ᠵᠠᠩᠭᠢᠯᠠᠭ᠎ᠠ ᠶᠢᠨ ᠪᠠᠶᠢᠷᠢ᠂ ᠴᠢᠬᠤᠯᠠ ᠪᠠᠶᠢᠷᠢᠨ  ᠳᠤ ᠲᠠᠪᠳᠠᠨ ᠪᠤᠯᠪᠠᠰᠤᠷᠠᠭᠤᠯᠵᠤ ᠥᠵᠠᠯ ᠰᠠᠨᠠᠭ᠎ᠠ ᠲᠠᠪᠰᠢᠩᠭᠤᠢ᠂ ᠰᠤᠷᠳᠠᠯ ᠲᠥᠪ᠂ ᠲᠤᠷᠰᠢᠯᠭ᠎ᠠ ᠰᠠᠶᠢᠨ ᠤᠳᠤᠷᠢᠳᠬᠤ ᠺᠠᠳ᠋ᠷᠴᠤᠳ ᠢ ᠰᠤᠩᠭᠤᠨ ᠲᠠᠭᠠᠭᠤᠯᠵᠤ ᠡᠭᠦᠷᠭᠡ ᠬᠠᠷᠢᠭᠤᠴᠠᠯᠭ᠎ᠠ ᠪᠠᠨ ᠭᠢᠨᠠᠮᠠᠭᠠᠢ ᠭᠥᠢᠴᠡᠳᠭᠡᠨ ᠪᠤᠳᠠᠳᠤ ᠠᠵᠢᠯ  ᠭᠢᠭᠦ ᠶᠢ ᠭᠥᠳᠤᠯᠤᠨ ᠲᠠᠭᠠᠭᠤᠯᠵᠤ ᠵᠠᠯᠠᠭᠤ ᠺᠠᠳ᠋ᠷᠴᠤᠳ ᠲᠤ ᠵᠠᠮ ᠵᠢᠭᠠᠨ ᠥᠭᠴᠤ ᠲᠠᠳᠠᠨ ᠤ ᠴᠢᠳᠠᠪᠤᠷᠢᠳᠠᠨ ᠪᠤᠯᠬᠤ ᠳᠤ ᠬᠠᠪᠰᠤᠷᠤᠯᠭ᠎ᠠ ᠪᠤᠯᠬᠤ ᠭᠡᠷᠡᠭᠳᠠᠢ ᠭᠡᠵᠡᠢ᠃      ᠰᠤᠷᠭᠠᠯᠳᠤ ᠳ᠋ᠥᠩᠨᠡᠯᠳᠠ ᠶᠢᠨ ᠶᠠᠷᠢᠶᠠᠨ ᠳᠤ ᠪᠠᠨ ᠴᠢᠬᠤᠯᠠᠴᠢᠯᠠᠬᠤ ᠳᠤ ᠪᠠᠨ᠂ ᠥᠷᠭᠡᠨ ᠤᠯᠠᠨ ᠵᠠᠯᠠᠭᠤ ᠺᠠᠳ᠋ᠷᠴᠤᠳ ᠥᠷᠭᠦᠯᠵᠢᠯᠠᠨ ᠰᠤᠷᠤᠯᠴᠠᠬᠤ ᠬᠠᠳᠠᠭᠤ ᠵᠤᠷᠢᠭ ᠢ ᠪᠠᠷᠢᠨ ᠪᠥᠭᠦ ᠬᠤᠰᠢᠭᠤᠨ ᠤ ᠠᠵᠤ ᠠᠬᠤᠢ ᠨᠠᠶᠢᠭᠡᠮ  ᠤᠨ ᠭᠥᠭᠵᠢᠯᠳᠠ ᠶᠢᠨ ᠪᠠᠶᠢᠳᠠᠯ᠂ ᠪᠠᠶᠢᠭᠤᠯᠭ᠎ᠠ ᠨᠢᠭᠡᠴᠢ ᠶᠢᠨ ᠪᠠᠶᠢᠳᠠᠯ ᠪᠠ ᠠᠵᠢᠯ ᠤᠨ ᠪᠠᠶᠢᠷᠢ ᠶᠢᠨ ᠪᠤᠳᠠᠳᠠᠢ ᠲᠠᠢ ᠤᠶᠠᠯᠳᠤᠭᠤᠯᠤᠨ ᠰᠤᠷᠤᠯᠴᠠᠯᠭ᠎ᠠ ᠶᠢᠨ ᠥᠷ᠎ᠠ ᠪᠥᠳᠥᠮᠵᠢ ᠪᠠᠨ ᠥᠷᠭᠦᠯᠵᠢᠯᠠᠨ ᠲᠡᠭᠡᠭᠰᠢᠯᠠᠭᠦᠯᠵᠤ ᠰᠤᠷᠤᠭᠰᠠᠨ ᠢᠶᠠᠨ ᠭᠡᠷᠡᠭᠯᠠᠨ ᠰᠤᠷᠤᠯᠴᠠᠬᠤ ᠥᠢᠯᠡᠳᠤᠯᠭᠡᠵᠢᠭᠦᠯᠭᠦ ᠶᠢ ᠤᠶᠠᠯᠳᠤᠭᠤᠯᠬᠤ ᠭᠡᠷᠡᠭᠳᠠᠢ᠃ ᠠᠵᠢᠯ ᠡᠷᠭᠢᠯᠠᠨ ᠥᠢᠯᠡᠰ ᠪᠥᠳᠥᠭᠡᠭᠦ ᠵᠤᠷᠢᠭ ᠰᠠᠨᠠᠭ᠎ᠠ ᠶᠢ ᠪᠤᠢ ᠪᠤᠯᠭᠠᠨ ᠶᠡᠭᠡ ᠪᠠᠶᠢᠳᠠᠯ ᠢ ᠪᠤᠳᠤᠯᠭᠢᠯᠠᠨ ᠶᠡᠭᠡ ᠥᠢᠯᠡᠰ ᠡᠷᠭᠢᠯᠠᠵᠤ ᠠᠵᠢᠯ ᠤᠨ ᠪᠤᠳᠠᠳᠤ ᠥᠢᠯᠡᠳᠤᠯᠭᠡ ᠲᠤᠮᠳᠠ ᠥᠪᠠᠷ ᠢ ᠪᠠᠨ ᠲᠡᠪᠳᠠᠨ ᠪᠤᠯᠪᠠᠰᠤᠷᠠᠭᠤᠯᠵᠤ ᠠᠵᠠ ᠲᠤᠭᠢᠶᠠᠯ ᠢ ᠡᠵᠡᠮᠳᠠᠭᠦ᠂ ᠨᠡᠭᠡᠭᠡᠯᠳᠠ ᠭᠢᠵᠦ ᠰᠢᠨ᠎ᠠ ᠶᠢ ᠡᠭᠦᠳᠭᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠴᠢᠳᠠᠪᠤᠷᠢ ᠪᠠᠨ ᠲᠠᠰᠤᠷᠠᠯᠲᠠ ᠥᠭᠡᠢ ᠲᠡᠭᠡᠭᠰᠢᠯᠠᠭᠦᠯᠵᠤ ᠪᠥᠭᠦ ᠬᠤᠰᠢᠭᠤᠨ ᠤ ᠠᠵᠢᠯ ᠥᠢᠯᠡᠰ ᠢ ᠠᠭᠢᠭᠤᠯᠤᠨ ᠪᠥᠳᠥᠭᠡᠨ ᠪᠠᠶᠢᠭᠤᠯᠤᠯᠳᠠ ᠶᠢ ᠴᠢᠩᠭ᠎ᠠ ᠠᠳᠬᠤᠵᠤ ᠨᠢᠭᠡ ᠰᠠᠳᠭᠢᠯ ᠨᠢᠭᠡ ᠵᠤᠷᠢᠭ ᠢᠶᠠᠷ ᠭᠥᠭᠵᠢᠯᠳᠠ ᠶᠢ ᠡᠷᠢᠯᠭᠡᠯᠠᠨ ᠪᠥᠭᠦ ᠬᠤᠰᠢᠭᠤᠨ ᠤ ᠴᠢᠨᠠᠷ ᠰᠠᠶᠢᠳᠠᠢ ᠭᠥᠭᠵᠢᠯᠳᠠ ᠶᠢ ᠠᠭᠢᠭᠤᠯᠬᠤ᠂ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠠᠶᠠᠯᠠᠭᠦᠯᠭᠦ ᠳᠤ ᠤᠷᠢ ᠵᠠᠯᠠᠭᠤ ᠨᠠᠰᠤᠨ  ᠤ ᠬᠤᠪᠢ ᠨᠠᠮᠠᠷᠢ ᠪᠠᠨ ᠡᠷᠭᠦᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号