︽ᠠᠳᠡ ᠬᠠᠮᠲᠤᠷᠠᠯᠴᠠᠭ᠎ᠠ︾ ᠪᠢᠴᠢᠬᠠᠨ ᠠᠵᠤ ᠠᠬᠤᠶᠢᠯᠠᠯᠲᠠᠨ ᠲᠡᠯᠭᠡᠨ ᠪᠤᠷᠤᠯᠠᠭᠤᠯᠬᠤ ᠬᠦᠳᠡᠯᠭᠡᠭᠡᠨ ᠶᠠᠪᠤᠭᠳᠠᠯ᠎ᠠ
ᠨᠡᠶᠢᠲᠡᠯᠡᠭᠰᠡᠨ ᠴᠠᠭ᠄
2019-06-26
     6 ᠰᠠᠷ᠎ᠠ ᠶᠢᠨ 23 ᠤ ᠡᠳᠦᠷ᠂ ᠮᠠᠨ ᠤ ᠬᠤᠰᠢᠭᠤᠨ ᠤ ᠮᠤᠩᠭᠤᠯ ᠦᠨᠳᠦᠰᠦᠲᠡᠨ ᠤ ᠬᠡᠥᠬᠡᠳ ᠤᠨ ᠴᠡᠴᠡᠷᠯᠢᠭ ᠪᠤᠯᠤᠨ ᠠᠳᠡ ᠪᠠᠶᠢᠭᠠᠯᠢᠯᠢᠭ ᠬᠦᠨᠡᠰᠦᠨ ᠤ ᠬᠠᠩᠭᠠᠯᠭ᠎ᠠ ᠶᠢᠨ ᠲᠤᠤᠷ ᠦᠢᠯᠡᠴᠢᠯᠡᠬᠡᠨ ᠤ ᠨᠠᠶᠢᠬᠡᠮᠯᠢᠭ ᠬᠠᠮᠲᠤᠷᠠᠨ ᠵᠤᠬᠢᠶᠠᠨ ᠪᠠᠶᠢᠭᠤᠯᠤᠭᠰᠠᠨ ᠨᠢᠭᠡᠳᠦᠭᠡᠷ ᠬᠤᠭᠤᠴᠠᠭᠠᠨ ᠤ ︽ᠠᠳᠡ ᠬᠠᠮᠲᠤᠷᠠᠯᠴᠠᠭ᠎ᠠ︾ ᠪᠢᠴᠢᠬᠠᠨ ᠠᠵᠤ ᠠᠬᠤᠶᠢᠯᠠᠯᠲᠠᠨ ᠲᠡᠯᠭᠡᠨ ᠪᠤᠷᠤᠯᠠᠭᠤᠯᠬᠤ ᠬᠦᠳᠡᠯᠭᠡᠭᠡᠨ ᠮᠠᠨ ᠤ ᠬᠤᠰᠢᠭᠤᠨ ᠤ ᠰᠤᠶᠤᠯ ᠤᠨ ᠪᠦᠲᠦᠭᠡᠯᠲᠡ ᠠᠵᠤ ᠦᠢᠯᠡᠰ ᠤᠨ ᠬᠦᠷᠢᠶᠡᠯᠡᠩ ᠳᠤ ᠶᠠᠪᠤᠭᠳᠠᠪᠠ᠃
     ᠬᠦᠳᠡᠯᠭᠡᠭᠡᠨ ᠲᠡᠭᠡᠷ᠎ᠡ ᠮᠤᠩᠭᠤᠯ ᠦᠨᠳᠦᠰᠦᠲᠡᠨ ᠤ ᠬᠡᠥᠬᠡᠳ ᠤᠨ ᠴᠡᠴᠡᠷᠯᠢᠭ ᠤᠨ ᠶᠡᠭᠡ ᠤᠨ ᠤ ᠲᠤᠯᠤᠭᠠᠨ ᠠᠩᠬᠢ ᠶᠢᠨ 240 ᠭᠠᠷᠤᠢ ᠬᠡᠥᠬᠡᠳ ᠪᠠᠭᠠᠴᠤᠳ ᠵᠢᠴᠢ ᠲᠤᠮᠳᠠ ᠪᠠᠭ᠎ᠠ ᠤᠨ ᠤ ᠠᠩᠬᠢ ᠶᠢᠨ ᠬᠢᠨ ᠰᠠᠶᠢᠨ ᠲᠤᠷ᠎ᠠ  ᠠᠴᠠ ᠪᠠᠨ  ᠨᠡᠷ᠎ᠡ ᠮᠡᠳᠡᠭᠦᠯᠦᠨ ᠤᠷᠤᠯᠴᠠᠵᠤ ᠲᠤᠭᠯᠠᠭᠠᠮ᠂ ᠵᠠᠰᠠᠯ ᠵᠡᠮᠰᠡᠭ᠂ ᠪᠢᠴᠢᠭ ᠤᠨ ᠬᠡᠷᠡᠭᠰᠡᠯ ᠵᠡᠷᠭᠡ ᠦᠪᠡᠷ ᠦᠪᠡᠷ ᠤᠨ ᠬᠠᠭᠤᠴᠢᠨ ᠬᠡᠷᠡᠭᠰᠡᠯ ᠢᠶᠠᠨ ᠠᠪᠴᠢᠷᠠᠵᠤ ᠬᠠᠷᠢᠯᠴᠠᠨ ᠲᠡᠯᠭᠡᠨ ᠪᠤᠷᠤᠯᠠᠭᠤᠯᠵᠤ ᠬᠤᠳᠠᠯᠳᠤᠭᠰᠠᠨ ᠪᠠᠶᠢᠨ᠎ᠠ᠃
     ᠤᠶᠢᠯᠠᠭᠠᠭᠰᠠᠨ ᠢᠶᠠᠷ᠂ ᠠᠷᠠᠳ ᠤᠯᠠᠨ ᠤ ᠰᠤᠶᠤᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠤᠨ ᠮᠠᠨ ᠤ ᠬᠤᠰᠢᠭᠤᠨ ᠤ ᠰᠤᠶᠤᠯ ᠤᠨ ᠠᠵᠤ ᠦᠢᠯᠡᠰ ᠢ ᠬᠦᠭᠵᠢᠭᠦᠯᠬᠦ ᠶᠢᠨ ᠲᠦᠯᠥᠬᠡ ᠭᠠᠷᠠᠭ ᠤᠨ ᠡᠳᠦᠷ ᠪᠤᠯᠭᠠᠨ ᠢ ᠲᠤᠬᠢᠶᠠᠯᠳᠤᠭᠤᠯᠤᠨ ᠡᠯ᠎ᠡ ᠪᠠᠶᠢᠭᠤᠯᠬ᠎ᠠ ᠨᠢᠭᠡᠴᠢ᠂ ᠰᠠᠯᠠᠭ᠎ᠠ ᠮᠦᠴᠢᠷ᠂ ᠰᠤᠷᠭᠠᠭᠤᠯᠢ᠂ ᠨᠡᠶᠢᠭᠡᠮ ᠨᠡᠶᠢᠳᠡ ᠬᠠᠮᠲᠤ ᠪᠠᠷ ᠠᠷᠠᠳ ᠲᠤ ᠲᠦᠭᠦᠮ ᠦᠵᠡᠭᠦᠯᠬᠦ ᠡᠳᠦᠷ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠶᠠᠪᠤᠭᠳᠠᠭᠤᠯᠬᠤ ᠪᠠᠷ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号