ᠮᠠᠨ ᠤ ᠬᠤᠰᠢᠭᠤ ᠠᠩᠬᠠᠳᠤᠭᠠᠷ ᠤᠳᠠᠭᠠᠨ ᠤ ︽ᠪᠤᠳᠤᠭ︾ ᠬᠤᠨᠳᠠᠭᠠᠲᠤ ᠤᠷᠠᠨ ᠵᠢᠷᠤᠭ ᠤᠨ ᠤᠷᠤᠯᠳᠤᠭᠠᠨ ᠢ ᠡᠷᠬᠢᠯᠡᠨ ᠬᠢᠪᠡ
ᠨᠡᠶᠢᠲᠡᠯᠡᠭᠰᠡᠨ ᠴᠠᠭ᠄
2019-06-26
     ᠤᠶᠢᠷ᠎ᠠ ᠶᠢᠨ ᠡᠳᠦᠷ ᠬᠤᠰᠢᠭᠤ ᠰᠤᠷᠭᠠᠨ ᠬᠦᠮᠦᠵᠢᠯ ᠪᠡᠶ᠎ᠡ ᠲᠠᠮᠢᠷ ᠤᠨ ᠳᠤᠪᠴᠢᠶ᠎ᠠ᠂ ᠤᠳᠬ᠎ᠠ ᠤᠷᠠᠯᠢᠭ ᠤᠨ  ᠬᠢᠨ ᠤ ᠬᠤᠯᠪᠤᠭ᠎ᠠ᠂  ᠤᠷᠠᠨ ᠵᠢᠷᠤᠭᠴᠢᠳ ᠤᠨ ᠡᠪᠯᠡᠯ᠂ ᠮᠠᠨ ᠤ ᠬᠤᠰᠢᠭᠤᠨ ᠤ ︽ᠪᠤᠳᠤᠭ︾ ᠤᠷᠠᠨ ᠵᠢᠷᠤᠭ ᠤᠨ ᠠᠵᠢᠯᠯᠠᠬᠤ ᠦᠷᠦᠭᠡᠨ ᠠᠴᠠ ᠬᠠᠮᠲᠤᠷᠠᠨ ᠡᠷᠭᠢᠯᠡᠭᠰᠠᠨ ᠳᠤᠮᠳᠠᠳᠤ ᠪᠠᠭ᠎ᠠ ᠰᠤᠷᠭᠠᠭᠤᠯᠢ᠂ ᠬᠡᠤᠭᠡᠳ ᠤᠨ ᠴᠡᠴᠡᠷᠯᠢᠭ ᠤᠨ ᠠᠩᠬᠠᠳᠤᠭᠠᠷ ᠤᠳᠠᠭᠠᠨ ᠤ ︽ᠪᠤᠳᠤᠭ︾ ᠬᠤᠨᠳᠠᠭᠠᠲᠤ ᠤᠷᠠᠨ ᠵᠢᠷᠤᠭ ᠤᠨ ᠤᠷᠤᠯᠳᠤᠭᠠᠨ ᠠᠮᠵᠢᠯᠲᠠ ᠲᠠᠢ ᠶᠠᠪᠤᠭᠳᠠᠪᠠ᠃      ᠲᠤᠰ ᠤᠳᠠᠭᠠᠨ ᠤ ᠤᠷᠤᠯᠳᠤᠭᠠᠨ ᠢ ᠪᠡᠯᠡᠳᠭᠡᠯ ᠤᠷᠤᠯᠳᠤᠭᠠᠨ᠂ ᠰᠢᠢᠳᠪᠦᠷᠢᠲᠦ ᠤᠷᠤᠯᠳᠤᠭᠠᠨ ᠭᠡᠭᠦ ᠬᠤᠶᠠᠷ ᠱᠠᠲᠤ  ᠬᠤᠪᠢᠶᠠᠵᠦ ᠪᠡᠯᠡᠳᠭᠡᠯ ᠤᠷᠤᠯᠳᠤᠭᠠᠨ ᠢᠶᠠᠷ 16 ᠳᠤᠮᠳᠠᠳᠤ ᠪᠠᠭ᠎ᠠ ᠰᠤᠷᠭᠠᠭᠤᠯᠢ᠂ ᠬᠡᠤᠭᠡᠳ ᠤᠨ ᠴᠡᠴᠡᠷᠯᠢᠭ  ᠤᠨ 2347 ᠪᠦᠲᠦᠭᠡᠯ ᠢ ᠬᠡᠤᠭᠡᠳ ᠤᠨ ᠴᠡᠴᠡᠷᠯᠢᠭ ᠤᠨ ᠳᠤᠭᠤᠶᠢᠯᠠᠩ᠂ ᠪᠠᠭ᠎ᠠ ᠰᠤᠷᠭᠠᠭᠤᠯᠢ ᠶᠢᠨ ᠳᠤᠤᠷ᠎ᠠ ᠤᠨ ᠤ ᠳᠤᠭᠤᠶᠢᠯᠠᠩ᠂ ᠪᠠᠭ᠎ᠠ ᠰᠤᠷᠭᠠᠭᠤᠯᠢ ᠶᠢᠨ ᠳᠡᠭᠡᠷ᠎ᠡ ᠤᠨ ᠤ ᠳᠤᠭᠤᠶᠢᠯᠠᠩ᠂ ᠠᠩᠬ᠎ᠠ ᠳᠤᠮᠳᠠᠳᠤ ᠶᠢᠨ ᠳᠤᠭᠤᠶᠢᠯᠠᠩ᠂ ᠳᠡᠭᠡᠳᠦ ᠳᠤᠮᠳᠠᠳᠤ ᠶᠢᠨ ᠳᠤᠭᠤᠶᠢᠯᠠᠩ ᠭᠡᠵᠦ ᠲᠠᠪᠤᠨ ᠳᠤᠭᠤᠶᠢᠯᠠᠩ ᠬᠤᠪᠢᠶᠠᠨ ᠳᠤᠭᠤᠶᠢᠯᠠᠩ ᠪᠤᠯᠭᠠᠨ ᠠᠴᠠ 30 ᠰᠤᠷᠤᠭᠴᠢ ᠶᠢᠨ ᠪᠦᠲᠦᠭᠡᠯ ᠢ ᠰᠤᠩᠭᠤᠵᠤ ᠰᠶᠢᠳᠪᠦᠷᠢᠲᠦ ᠤᠷᠤᠯᠳᠤᠭᠠᠨ ᠳᠤ ᠣᠷᠣᠯᠴᠠᠭᠤᠯᠤᠭᠰᠠᠨ ᠪᠠᠶᠢᠨ᠎ᠠ᠃      ᠰᠶᠢᠳᠪᠦᠷᠢᠲᠦ ᠤᠷᠤᠯᠳᠤᠭᠠᠨ ᠳᠤ ᠤᠷᠤᠯᠴᠠᠭᠰᠠᠨ 30 ᠨᠡᠷ᠎ᠡ ᠰᠤᠷᠤᠭᠴᠢ ᠶᠢ ᠠᠬᠤᠢ ᠲᠠᠯᠠᠪᠡᠢ ᠳᠤ ᠰᠡᠳᠦᠪ ᠥᠭᠴᠤ ᠵᠢᠷᠤᠭ ᠵᠢᠷᠤᠭᠤᠯᠤᠨ ᠬᠤᠪᠢ ᠭᠢᠨᠠᠵᠤ ᠤᠷᠠᠯᠠᠨ ᠵᠢᠷᠤᠭᠯᠠᠬᠤ ᠪᠠ ᠬᠤᠯᠪᠤᠨ ᠪᠤᠳᠤᠬᠤ ᠤᠷ᠎ᠠ ᠴᠢᠳᠠᠪᠤᠷᠢ ᠶᠢ ᠰᠢᠯᠭᠠᠵᠤ ᠰᠢᠢᠳᠪᠦᠷᠢᠲᠦ ᠤᠷᠤᠯᠳᠤᠭᠠᠨ ᠳᠤ ᠢᠳᠡᠪᠭᠢᠯᠠᠨ ᠤᠷᠤᠯᠴᠠᠭᠰᠠᠨ 150 ᠨᠡᠷ᠎ᠡ ᠰᠤᠷᠤᠭᠴᠢ᠂ 59 ᠨᠡᠷ᠎ᠡ ᠵᠢᠯᠤᠭᠤᠳᠤᠭᠰᠠᠨ ᠪᠠᠭᠰᠢ ᠶᠢ ᠬᠦᠬᠢᠭᠦᠯᠦᠨ ᠵᠤᠷᠢᠭᠵᠢᠭᠤᠯᠤᠭᠰᠠᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号