ᠲᠤᠭ ᠪᠠᠯᠭᠠᠰᠤ
ᠨᠡᠶᠢᠲᠡᠯᠡᠭᠰᠡᠨ ᠴᠠᠭ᠄
2019/6/26
    ᠲᠤᠭ ᠪᠠᠯᠭᠠᠰᠤ ᠨᠢ ᠤᠷᠳᠤᠰ ᠬᠤᠳᠠ ᠶᠢᠨ ᠪᠠᠷᠠᠭᠤᠨ ᠡᠮᠦᠨᠡᠳᠦ ᠪᠡᠶ᠎ᠡ᠂ ᠦᠦᠰᠢᠨ ᠬᠤᠰᠢᠭᠤᠨ ᠤ ᠬᠠᠮᠤᠭ ᠤᠨ ᠵᠡᠬᠦᠨ ᠵᠠᠬ᠎ᠠ ᠳᠤ ᠪᠠᠶᠢᠷᠢᠯᠠᠨ ᠨᠡᠶᠢᠳᠡ 10 ᠭᠠᠴᠠᠭ᠎ᠠ ᠲᠣᠰᠬᠤᠨ᠂ 1 ᠨᠡᠶᠢᠬᠡᠮ ᠲᠤᠭᠤᠷᠢᠭ᠂ 74 ᠮᠠᠯᠵᠢᠯ ᠲᠠᠷᠢᠶᠠᠯᠠᠯ ᠤᠨ ᠬᠤᠷᠰᠢᠶ᠎ᠠ ᠲᠠᠢ᠂ ᠨᠠᠶᠢᠳᠠ 4686 ᠡᠷᠦᠬᠡ ᠠᠮᠠ ᠲᠠᠢ᠂ ᠪᠠᠶᠢᠩᠭᠤ ᠰᠠᠭᠤᠷᠢᠰᠢᠭ᠎ᠠ ᠬᠦᠮᠦᠨ ᠠᠮᠠ ᠶᠢᠨ ᠶᠡᠷᠦᠩᠬᠡᠢ ᠲᠤᠭ᠎ᠠ ᠨᠢ 15064᠂ ᠨᠡᠬᠦᠳᠠᠯ ᠬᠦᠮᠦᠨ ᠠᠮᠠ ᠵᠢᠴᠢ ᠠᠵᠣ ᠣᠶᠢᠯᠡᠰ ᠤᠨ ᠠᠵᠢᠯᠳᠠᠨ ᠠᠵᠢᠯᠴᠢᠨ ᠨᠠᠶᠢᠳᠠ 4 ᠲᠦᠮᠡ ᠭᠠᠷᠦᠢ ᠬᠦᠮᠦᠨ ᠪᠣᠢ᠃ ᠨᠤᠳᠤᠭ ᠪᠡᠯᠴᠢᠭᠡᠷ ᠤᠨ ᠶᠡᠷᠦᠩᠭᠡᠢ ᠲᠠᠯᠠᠪᠠᠢ ᠨᠢ 1515.5 ᠲᠡᠭᠰᠢ ᠳᠦᠷᠪᠡᠯᠵᠢᠨ ᠺᠢᠯᠤᠮᠧᠲᠷ ︵227.3 ᠲᠦᠮᠡᠨ ᠮᠤ᠋ ︶᠂ ᠪᠠᠶᠢᠭᠠᠯᠢᠯᠢᠭ ᠰᠢᠯᠢᠳᠡᠭ ᠪᠡᠯᠴᠢᠭᠡᠷ 200 ᠲᠦᠮᠡᠨ ᠮᠤ᠋ ᠪᠠᠶᠢᠵᠤ᠂ ᠶᠡᠷᠦᠩᠭᠡᠢ ᠲᠠᠯᠠᠪᠠᠢ ᠶᠢᠨ 80 % ᠶᠢ ᠡᠵᠡᠯᠡᠨ᠂ ᠤᠰᠤᠨ ᠭᠠᠵᠠᠷ ᠤᠨ ᠲᠠᠯᠠᠪᠠᠢ 6616.3 ᠮᠤ᠋᠂ ᠤᠷᠭᠤᠮᠠᠯ ᠤᠨ ᠪᠦᠷᠬᠦᠴᠡ ᠪᠠ ᠤᠢ ᠰᠢᠭᠤᠢ ᠶᠢᠨ ᠪᠦᠷᠬᠦᠴᠡ ᠨᠢ ᠲᠤᠰ ᠲᠤᠰ 86% ᠪᠠ 31% ᠳᠤ ᠭᠦᠷᠴᠡᠢ᠃ ᠳᠤᠭ ᠪᠠᠯᠭᠠᠰᠣ ᠪᠣᠯ ᠳᠠᠷᠢᠶᠠᠯᠠᠩ ᠠᠵᠣ ᠠᠬᠤᠢ ᠪᠠᠷ ᠰᠠᠭᠤᠷᠢᠯᠠᠭᠤᠯᠣᠭᠰᠠᠨ ᠠᠵᠣ ᠣᠶᠢᠯᠡᠳᠪᠣᠷᠢ ᠪᠠᠷ ᠵᠢᠯᠣᠭᠤᠳᠣᠭᠤᠯᠣᠭᠰᠠᠨ ᠭᠤᠷᠪᠠᠳᠣᠭᠠᠷ ᠠᠵᠣ ᠣᠶᠢᠯᠡᠰ ᠤᠨ ᠦᠷᠨᠢᠨ ᠬᠦᠭᠵᠢᠭᠰᠡᠨ ᠬᠦᠭᠵᠢᠯᠳᠡ   ᠲᠠᠢ ᠰᠢᠨ᠎ᠡ ᠬᠡᠯᠪᠠᠷᠢ ᠶᠢᠨ ᠪᠠᠯᠭᠠᠰᠣᠨ ᠤ ᠨᠢᠬᠡ ᠪᠣᠯᠣᠨ᠎ᠠ᠃     ᠲᠤᠭ ᠪᠠᠯᠭᠠᠰᠤ ᠨᠢ ᠪᠠᠶᠢᠭᠠᠯᠢ ᠶᠢᠨ ᠰᠢᠳᠠᠮᠠᠬᠠᠢ ᠬᠡᠢ᠂ ᠨᠡᠭᠦᠷᠡᠰᠦᠨ ᠤ ᠡᠬᠢ ᠪᠠᠶᠠᠯᠢᠭ ᠡᠯᠪᠡᠭ ᠲᠡᠯᠪᠡᠭ᠂ ᠤᠷᠤᠨ ᠪᠠᠶᠢᠷᠢ ᠶᠢᠨ ᠲᠠᠪᠠᠭᠤᠯᠢᠭ ᠲᠤᠪᠤᠶᠢᠮ᠎ᠠ ᠪᠠᠶᠢᠵᠤ᠂ ᠤᠯᠤᠰ ᠤᠨ ︽ᠬᠦᠬᠡᠬᠤᠳᠠ ᠪᠤᠭᠤᠳᠤ ᠤᠷᠳᠤᠰ ᠲᠡᠮᠡᠭᠡᠳᠤ︾᠂ ︽ᠬᠦᠬᠡᠬᠤᠳᠠ ᠪᠤᠭᠤᠳᠤ ᠢᠷᠭᠠᠢ︾ ᠠᠵᠤ ᠠᠬᠤᠢ ᠶᠢᠨ ᠪᠦᠰᠡ ᠶᠢᠨ ᠴᠢᠬᠤᠯᠠ ᠪᠦᠷᠢᠯᠳᠦᠬᠦᠨ ᠬᠡᠰᠡᠭ ᠪᠤᠯᠵᠤ᠂ ᠪᠠᠯᠭᠠᠰᠤᠨ ᠤ ᠬᠢᠵᠠᠭᠠᠷ ᠲᠤ 3000 ᠳ᠋ᠦᠩᠰᠢᠭᠤᠷ ᠪᠣᠰᠤᠭ᠎ᠠ ᠳᠦᠷᠪᠡᠯᠵᠢᠨ ᠮᠧᠲᠷ ᠤᠨ ᠬᠠᠳᠠᠭᠠᠯᠠᠭᠳᠠᠴᠠ ᠲᠠᠢ ᠪᠠᠶᠢᠭᠠᠯᠢ  ᠶᠢᠨ ᠰᠢᠳᠠᠮᠠᠬᠠᠢ ᠬᠡᠢ ᠶᠢ ᠬᠠᠶᠢᠨ ᠢᠯᠡᠷᠡᠭᠦᠯᠵᠦ᠂ ︽ᠭᠤᠷᠪᠠᠨ ᠲᠤᠤᠷ᠎ᠠ ᠨᠢᠭᠡ ᠦᠨᠳᠦᠷ︾ ᠤᠨᠴᠠᠯᠢᠭᠳᠤ ᠴᠢᠨᠠᠷ ᠰᠠᠶᠢᠳᠠᠢ ᠨᠡᠭᠦᠷᠡᠰᠦᠨ ᠤ ᠬᠠᠳᠠᠭᠠᠯᠠᠭᠳᠠᠴᠠ  ᠨᠢ 300 ᠳ᠋ᠦᠩᠰᠢᠭᠤᠷ ᠲᠤᠠ ᠠᠴᠠ ᠲᠠᠪᠠᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠬᠦᠭᠵᠢᠬᠦᠯᠬᠦ ᠳᠤ ᠤᠨᠴᠠ ᠰᠠᠶᠢᠨ ᠨᠦᠬᠦᠴᠡᠯ ᠢ ᠪᠦᠷᠢᠯᠳᠦᠭᠦᠯᠦᠭᠰᠡᠨ ᠪᠠᠶᠢᠨ᠎ᠠ᠃ ᠣᠳᠣᠬᠠᠨ ᠳᠤ ᠪᠠᠯᠭᠠᠰᠣᠨ ᠳᠤ ᠪᠠᠶᠢᠭ᠎ᠠ ᠠᠵᠣ ᠠᠬᠤᠶᠢᠯᠡᠯ 18 ᠪᠠᠶᠢᠵᠣ ᠶᠡᠷᠦᠩᠬᠡᠢ ᠪᠡᠯᠡ ᠣᠷᠣᠭᠤᠯᠣᠯᠳᠠ ᠨᠢ 1000 ᠭᠠᠷᠦᠢ ᠳ᠋ᠦᠩᠰᠢᠭᠤᠷ ᠲᠦᠬᠦᠷᠢᠭ ᠲᠤ ᠬᠦᠷᠴᠡᠢ᠃ 2019 ᠣᠨ ᠳᠤ ᠪᠦᠭᠦ ᠪᠠᠯᠭᠠᠰᠦᠨ ᠤ ᠡᠳ᠋ ᠤᠨ ᠵᠠᠰᠠᠭ ᠤᠨ ᠣᠷᠣᠯᠭ᠎ᠠ 23.1 ᠳ᠋ᠥᠩᠰᠢᠭᠤᠷ ᠲᠦᠭᠦᠷᠢᠭ ᠢ ᠪᠠᠶᠠᠯᠡᠬᠦᠯᠵᠣ ᠮᠠᠯᠴᠢᠨ ᠲᠠᠷᠢᠶᠠᠴᠢᠨ ᠤ ᠭᠦᠮᠦᠨ ᠳᠣᠮᠳᠠᠴᠢ ᠶᠢᠨ ᠴᠡᠪᠡᠷ ᠣᠷᠣᠯᠭ᠎ᠠ 19000 ᠲᠦᠭᠦᠷᠢᠭ ᠭᠦᠷᠴᠤ ᠠᠮᠣ ᠪᠣᠳᠠᠭᠠᠨ ᠤ ᠣᠨᠠᠯᠳᠠ  ᠶᠢᠨ ᠶᠡᠷᠦᠩᠬᠡᠢ ᠬᠡᠮᠵᠢᠶ᠎ᠠ 2200 ᠲᠦᠮᠡᠨ ᠺᠢᠯᠥᠭᠷᠠᠮ ᠣᠷᠴᠢᠮ ᠪᠠᠶᠢᠵᠣ ᠮᠠᠯᠵᠢᠯ ᠤᠨ ᠣᠨ ᠤ ᠮᠠᠯ ᠤᠨ ᠶᠡᠷᠦᠩᠬᠡᠢ ᠳᠤᠭ᠎ᠠ 30 ᠲᠦᠮᠡ ᠶᠢ ᠳᠠᠪᠠᠪᠠ᠃ ᠣᠯᠣᠰ ᠤᠨ ᠪᠣᠬᠢᠷᠳᠣᠯ ᠦᠬᠡᠢ ᠨᠠᠷᠠᠳᠣ ᠪᠠᠯᠭᠠᠰᠤ᠂ ᠦᠪᠡᠷᠳᠡᠬᠡᠨ ᠵᠠᠰᠠᠬᠤ ᠣᠷᠣᠨ ᠤ ᠪᠣᠯᠪᠠᠰᠣᠨ ᠳᠣᠰᠬᠤᠨ ᠪᠠᠯᠭᠠᠰᠣ ᠬᠡᠮᠡᠬᠦ ᠢᠷᠡᠭᠤ ᠠᠯᠳᠠᠷ ᠢ ᠣᠷᠢᠨ ᠬᠤᠵᠢᠳ ᠬᠦᠷᠳᠡᠪᠠ᠃      
ᠢᠷᠡᠯᠲᠡ᠄ ᠲᠤᠭ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ