ᠭᠠᠴᠠᠭ᠎ᠠ ᠲᠣᠰᠬᠤᠨ ᠤ ᠪᠡᠯᠡᠳᠬᠡᠯ ᠬᠦᠴᠦᠨ ᠢ ᠬᠥᠮᠦᠵᠢᠭᠦᠯᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2019-06-27
    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ︽ᠦᠤᠰᠢᠨ ᠬᠤᠰᠢᠭᠤᠨ ᠤ ᠭᠠᠴᠠᠭ᠎ᠠ ᠳᠤᠰᠬᠤᠨ ᠤ ᠪᠡᠯᠡᠳᠭᠡᠯ ᠬᠦᠴᠦᠨ ᠢ ᠬᠦᠮᠤᠵᠢᠬᠦᠯᠬᠦ ᠠᠵᠢᠯ ᠤᠨ ᠳᠥᠰᠥᠯ︾ ᠎ ᠢ ᠬᠦᠨᠵᠡᠭᠡᠢ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠳᠣᠨ ᠤ ᠵᠤᠬᠢᠶᠠᠨ ᠪᠠᠶᠢᠭᠤᠯᠤᠯᠳᠠ ᠶᠢᠨ ᠴᠢᠳᠠᠪᠤᠷᠢᠳᠠᠨ ᠤ ᠪᠠᠳᠤᠯᠠᠭ᠎ᠠ ᠶᠢ ᠬᠠᠩᠭᠠᠬᠤ ᠶᠢᠨ ᠲᠤᠰᠠᠳᠠ ᠪᠦᠬᠦ ᠬᠤᠰᠢᠭᠤᠨ ᠤ ᠭᠡᠪᠴᠢᠶᠡᠨ ᠎ ᠳᠤ ᠭᠠᠴᠠᠭ᠎ᠠ ᠳᠤᠰᠬᠤᠨ ᠤ ᠪᠡᠯᠡᠳᠭᠡᠯ ᠬᠦᠴᠦᠨ ᠢ ᠬᠦᠮᠤᠵᠢᠭᠦᠯᠤᠨ ᠪᠤᠯᠪᠠᠰᠤᠷᠠᠭᠤᠯᠬᠤ ᠠᠵᠢᠯ ᠢ ᠳᠦᠪᠯᠡᠷᠡᠬᠦᠯᠦᠨ ᠦᠷᠨᠢᠭᠦᠯᠭᠦ ᠪᠠᠷ ᠲᠣᠭᠳᠠᠪᠠ᠃ ᠬᠤᠯᠪᠣᠭᠳᠠᠯ ᠪᠦᠬᠦᠢ ᠤᠴᠢᠷ ᠶᠠᠪᠤᠳᠠᠯ ᠨᠢ ᠳᠣᠤᠷᠠᠬᠢ ᠮᠡᠲᠦ᠄    ᠨᠢᠭᠡ᠂ ᠨᠡᠷ᠎ᠡ ᠮᠠᠳᠡᠭᠦᠯᠦᠭᠰᠡᠳ ᠤᠨ ᠬᠦᠷᠢᠶ᠎ᠠ ᠭᠡᠪᠴᠢᠶ᠎ᠡ    1᠂ ᠬᠤᠪᠢ ᠶᠢᠨ ᠠᠵᠤ ᠠᠬᠤᠶᠢᠯᠠᠯ ᠡᠵᠡᠩᠨᠡᠭᠴᠢ᠂ ᠳᠤᠰᠬᠠᠢ ᠬᠤᠷᠰᠢᠶᠠᠵᠢᠯ ᠤᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠠᠷᠢᠭᠤᠴᠠᠯᠭᠠᠳᠠᠨ᠂ ᠰᠢᠨ᠎ᠡ ᠭᠡᠯᠪᠡᠷᠢ ᠶᠢᠨ ᠮᠠᠯ ᠳᠠᠷᠢᠶᠠᠯᠠᠩ ᠤᠨ ᠦᠢᠯᠡᠰ ᠤᠨ ᠡᠵᠡᠩᠨᠡᠯᠳᠠ ᠎ ᠶᠢᠨ ᠭᠤᠤᠯ ᠴᠤᠭᠴᠠ ᠶᠢᠨ ᠬᠠᠷᠢᠭᠤᠴᠠᠯᠭᠠᠳᠠᠨ᠂ ᠮᠠᠯᠴᠢᠨ ᠲᠠᠷᠢᠶᠠᠴᠢᠳ ᠤᠨ ᠵᠠᠭᠤᠴᠢᠯᠠᠭᠴᠢ ᠲᠦᠯᠦᠭᠡᠯᠡᠭᠴᠢ᠂ ᠮᠠᠯᠵᠢᠬᠤ ᠲᠠᠷᠢᠶᠠᠯᠠᠬᠤ ᠤᠷᠤᠨ ᠤ ᠪᠠᠶᠠᠵᠢᠯ ᠤᠨ ᠲᠠᠭᠠᠭᠤᠯᠤᠭᠴᠢ ᠵᠡᠷᠭᠡ ︽ᠬᠤᠶᠠᠷ ᠢ ᠲᠠᠭᠠᠭᠤᠯᠤᠭᠴᠢ︾ ᠴᠢᠳᠠᠪᠤᠷᠢᠳᠠᠨ᠃    2᠂ ᠭᠠᠳᠠᠭᠰᠢ ᠭᠠᠷᠴᠤ ᠬᠦᠯᠦᠰᠤᠨ ᠠᠵᠢᠯ ᠬᠢᠵᠦ ᠬᠤᠳᠠᠯᠳᠤᠭ᠎ᠠ ᠡᠷᠬᠢᠯᠡᠵᠤ ᠪᠠᠶᠢᠭ᠎ᠠ ᠰᠢᠯᠢᠳᠡᠭ ᠵᠠᠯᠠᠭᠤᠴᠤᠳ ᠂ ᠶᠡᠭᠡ ᠰᠤᠷᠭᠠᠭᠤᠯᠢ ᠲᠡᠭᠦᠰᠦᠭᠰᠡᠨ ᠨᠤᠳᠤᠭ ᠤᠨ ᠤᠶᠤᠳᠠᠳ᠂ ᠤᠷᠤᠨ ᠨᠤᠳᠤᠭ ᠤᠨ ᠨᠦᠬᠡᠴᠡ ᠴᠢᠳᠠᠪᠤᠷᠢᠳᠠᠨ᠂ ᠴᠡᠷᠢᠭ ᠠᠴᠠ ᠬᠠᠯᠠᠭᠳᠠᠭᠰᠠᠳ ᠵᠡᠷᠭᠡ ᠮᠡᠳᠡᠯᠭᠡ ᠲᠤᠷᠰᠢᠯᠭ᠎ᠠ ᠲᠠᠢ ᠬᠦᠮᠦᠰ᠃    3᠂ ᠬᠦᠳᠡᠭᠡ ᠳᠤᠰᠬᠤᠨ ᠳᠤ ᠪᠠᠶᠢᠭ᠎ᠠ ᠤᠯᠠᠨ ᠲᠦᠮᠡᠨᠴᠢ ᠪᠦᠯᠬᠦᠮ ᠤᠨ ᠬᠠᠷᠢᠭᠤᠴᠠᠯᠭᠠᠳᠠᠨ᠂ ᠨᠠᠮ ᠤᠨ ᠡᠭᠦᠷ ᠎ ᠤᠨ ᠪᠠᠭ᠎ᠠ ᠳᠤᠭᠤᠶᠢᠯᠠᠩ ᠤᠨ ᠳᠠᠷᠤᠭ᠎ᠠ᠂ ᠭᠠᠴᠠᠭ᠎ᠠ ᠳᠤᠰᠬᠤᠨ ᠤ ᠠᠷᠠᠳ ᠤᠨ ᠵᠦᠪᠯᠡᠯ ᠤᠨ ᠪᠠᠭ᠎ᠠ ᠳᠤᠭᠤᠶᠢᠯᠠᠩ ᠎ ᠤᠨ ᠳᠠᠷᠤᠭ᠎ᠠ᠂ ᠵᠠᠯᠠᠭᠤ ᠰᠢᠯᠢᠳᠡᠭ ᠨᠠᠮ ᠤᠨ ᠭᠡᠰᠢᠭᠦᠨ᠂ ᠨᠠᠮ ᠳᠤ ᠡᠷᠡᠮᠡᠯᠵᠡᠯᠡᠭᠰᠡᠨ ᠢᠳᠡᠪᠬᠢᠳᠡᠨ ᠵᠡᠷᠭᠡ ᠭᠠᠴᠠᠭ᠎ᠠ ᠲᠣᠰᠬᠤᠨ᠂ ᠠᠷᠠᠳ ᠤᠨ ᠢᠶᠠᠨ ᠥᠨᠳᠥᠰᠥᠨ ᠪᠠᠶᠢᠳᠠᠯ ᠢ ᠣᠶᠢᠯᠠᠭᠠᠳᠠᠭ ᠬᠥᠮᠦᠰ᠃    4᠂ ᠬᠥᠳᠡᠭᠡ ᠳᠤᠰᠬᠤᠨ ᠤ ᠴᠢᠳᠠᠪᠤᠷᠢᠲᠠᠨ᠂ ᠬᠥᠳᠡᠭᠡ ᠳᠤᠰᠬᠤᠨ ᠤ ᠡᠮᠴᠢ᠂ ᠬᠥᠳᠡᠭᠡ ᠳᠤᠰᠬᠤᠨ ᠤ ᠪᠠᠭᠰᠢ    ᠬᠤᠶᠠᠷ᠂ ᠨᠡᠷ᠎ᠡ ᠮᠡᠳᠡᠬᠦᠯᠬᠦ ᠬᠢᠷᠢ ᠬᠡᠮ ᠨᠦᠬᠦᠴᠡᠯ ᠱᠠᠭᠠᠷᠳᠠᠯᠭ᠎ᠠ    1᠂ ᠤᠯᠤᠰ ᠳᠦᠷᠦ ᠶᠢᠨ ᠵᠤᠭᠰᠤᠯᠳᠠ ᠪᠠᠷ ᠪᠠᠳᠤ᠂ ᠨᠠᠮ ᠤᠨ ᠤᠳᠤᠷᠢᠳᠤᠯᠭ᠎ᠠ ᠶᠢ ᠬᠦᠷᠢᠶᠡᠯᠡᠨ ᠨᠠᠮ ᠳᠠᠭᠠᠨ ᠦᠨᠡᠨᠴᠢ ᠰᠢᠳᠤᠷᠭᠤ᠂ ︽ᠳᠦᠷᠪᠡᠨ ᠢᠳᠡᠭᠡᠯ︾᠎ ᠢ ᠪᠠᠳᠤᠳᠬᠠᠨ ︽ᠬᠤᠶᠠᠷ ᠢ ᠬᠠᠮᠠᠭᠠᠯᠠᠬᠤ︾᠎ ᠶᠢ ᠡᠷᠡᠰ ᠬᠦᠷᠢᠶᠡᠯᠡᠳᠡᠭ ᠪᠦᠭᠡᠳ ᠴᠠᠭ ᠢᠮᠠᠭᠳᠠ ᠦᠵᠡᠯ ᠰᠠᠨᠠᠭ᠎ᠠ ᠣᠯᠣᠰ ᠲᠦᠷᠦ ᠦᠢᠯᠡ ᠠᠵᠢᠯᠯᠠᠭ᠎ᠠ ᠲᠡᠭᠡᠷ᠎ᠡ ᠪᠠᠨ ᠰᠢ ᠎ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠳᠦᠪ ᠬᠤᠷᠢᠶ᠎ᠠ ᠲᠠᠢ ᠲᠡᠭᠡᠳᠤ ᠬᠡᠮᠵᠢᠶᠠᠨ ᠤ ᠨᠢᠭᠡᠳᠤᠯᠳᠠᠢ ᠪᠠᠶᠢᠬᠤ ᠶᠢ ᠪᠠᠳᠣᠯᠠᠬᠤ ᠬᠡᠷᠡᠭᠳᠡᠢ᠃    2᠂ ᠭᠠᠴᠠᠭ᠎ᠠ ᠳᠤᠰᠬᠤᠨ ᠤ ᠬᠠᠮᠳᠤ ᠶᠢᠨ ᠠᠵᠤ ᠠᠬᠤᠶᠢᠯᠠᠯ ᠤᠨ ᠬᠦᠭᠵᠢᠯᠳᠡ ᠶᠢ ᠠᠬᠢᠭᠤᠯᠣᠨ ᠤᠯᠠᠨ ᠳᠦᠮᠡᠨ ᠢ ᠳᠠᠶᠢᠴᠢᠯᠠᠨ ᠪᠠᠶᠠᠵᠢᠨ ᠴᠢᠨᠡᠭᠡᠯᠢᠭᠵᠢᠬᠦ ᠴᠢᠳᠠᠪᠤᠷᠢ ᠲᠠᠢ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠳᠤᠨ ᠤ ᠪᠤᠳᠤᠯᠢᠶᠠᠨᠳᠠᠢ ᠠᠰᠠᠭᠤᠳᠠᠯ ᠢ ᠵᠣᠬᠢᠴᠠᠭᠤᠯᠣᠨ ᠰᠢᠢᠳᠪᠥᠷᠢᠯᠡᠵᠤ ᠬᠦᠳᠡᠭᠡ ᠳᠤᠰᠬᠤᠨ ᠤ ᠡᠯ᠎ᠠ ᠲᠦᠷᠤᠯ ᠎ ᠤᠨ ᠦᠭᠡᠷᠡᠴᠢᠯᠡᠯᠳᠠ ᠢ ᠠᠬᠢᠭᠤᠯᠬᠤ ᠴᠢᠳᠠᠪᠤᠷᠢ ᠲᠠᠢ ᠪᠠᠶᠢᠬᠤ ᠭᠡᠷᠡᠭᠳᠡᠢ᠃    3᠂ ᠮᠠᠯ ᠲᠠᠷᠢᠶᠠᠯᠠᠩ ᠢ ᠤᠶᠢᠯᠠᠭᠠᠨ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠳ ᠲᠤ ᠪᠠᠨ ᠬᠠᠶᠢᠷᠠᠳᠠᠢ᠃ ᠡᠭᠦᠨ ᠳᠤ ᠬᠦᠳᠡᠭᠡ ᠲᠤᠰᠬᠤᠨ ᠤ ᠵᠢᠭᠤᠯᠴᠢᠯᠠᠯ᠂ ᠠᠵᠤ ᠦᠢᠯᠡᠰ ᠤᠨ ᠬᠦᠭᠵᠢᠯᠳᠡ᠂ ᠡᠯᠧᠺᠲᠷᠤᠨ ᠬᠤᠳᠠᠯᠳᠤᠭ᠎ᠠ᠂  ᠶᠡᠷᠦᠩᠬᠡᠶᠢᠯᠡᠭᠰᠡᠨ ᠵᠠᠰᠠᠯᠳᠠ᠂ ᠨᠡᠶᠢᠭᠡᠮ ᠤᠨ ᠠᠵᠢᠯ ᠲᠦᠷᠦᠯ ᠵᠡᠷᠭᠡ ᠳᠤᠰᠬᠠᠢ ᠮᠡᠷᠭᠡᠵᠢᠯ ᠤᠨ ᠴᠢᠳᠠᠪᠤᠷᠢ ᠲᠠᠢ ᠪᠤᠶᠤ ᠬᠠᠮᠢᠶ᠎ᠠ ᠪᠦᠬᠦᠢ ᠠᠵᠢᠯ ᠤᠨ ᠳᠤᠷᠰᠢᠯᠭ᠎ᠠ ᠲᠠᠢ ᠪᠠᠶᠢᠬᠤ ᠭᠡᠷᠡᠭᠳᠡᠢ᠃    4᠂ ᠪᠦᠬᠦᠯᠢ 45 ᠨᠠᠰᠤᠨ ᠠᠴᠠ ᠲᠤᠷᠤᠭᠰᠢᠬᠢ ᠲᠡᠭᠡᠳᠤ ᠳᠤᠮᠳᠠᠳᠤ ᠶᠢᠨ ᠰᠤᠷᠤᠯᠭ᠎ᠠ ᠶᠢᠨ ᠨᠠᠮᠳᠠᠷ ᠲᠠᠢ ᠪᠦᠭᠡᠳ ᠪᠡᠶ᠎ᠡ ᠮᠠᠬᠠᠪᠤᠳ ᠡᠷᠡᠭᠦᠯ ᠴᠢᠭᠢᠷᠠᠭ ᠪᠠᠶᠢᠬᠤ ᠭᠡᠷᠡᠭᠳᠡᠢ᠃    5᠂ ᠠᠵᠢᠯ ᠦᠢᠯᠡᠰᠴᠢ᠂ ᠡᠭᠦᠷᠭᠡ ᠬᠠᠷᠢᠭᠤᠴᠠᠯᠭᠠᠳᠤ ᠰᠡᠳᠬᠢᠯᠭᠡ ᠪᠠᠷ ᠴᠢᠩᠭ᠎ᠠ᠂ ᠭᠠᠴᠠᠭ᠎ᠠ ᠲᠤᠰᠬᠤᠨ ᠤ ᠠᠵᠢᠯ ᠳᠤ ᠬᠠᠯᠠᠭᠤᠮᠰᠤᠭ᠂ ᠲᠦᠪ ᠭᠤᠤᠯᠴᠢ᠂ ᠶᠤᠰᠤ ᠶᠢ ᠪᠠᠷᠢᠮᠳᠠᠯᠠᠵᠤ ᠰᠠᠬᠢᠯᠭ᠎ᠠ ᠶᠢ ᠵᠢᠷᠤᠮᠯᠠᠨ᠂ ᠤᠪᠤᠷ ᠰᠤᠷᠳᠠᠯ ᠴᠢᠭᠡᠴᠢ ᠰᠢᠳᠤᠷᠭᠤ ᠪᠠᠶᠢᠬᠤ ᠭᠡᠷᠡᠭᠳᠠᠢ᠃᠂    ᠭᠤᠷᠪᠠ᠂ ᠲᠦᠷᠦ ᠶᠢᠨ ᠪᠣᠳᠣᠯᠭ᠎ᠠ ᠶᠢᠨ ᠲᠠᠯ᠎ᠠ  ᠎ ᠶᠢᠨ ᠬᠠᠷᠠᠭᠠᠯᠵᠠᠯ    ᠭᠠᠴᠠᠭ᠎ᠠ ᠲᠣᠰᠬᠤᠨ ᠤ ᠪᠡᠯᠡᠳᠬᠡᠯ ᠬᠦᠴᠦᠨ ᠳᠤ ᠠᠵᠢᠯ ᠤᠨ ᠪᠠᠳᠣᠯᠠᠭ᠎ᠠ᠂ ᠣᠯᠣᠰ ᠲᠦᠷᠦ ᠶᠢᠨ ᠣᠯᠭᠤᠮᠵᠢ᠂ ᠱᠠᠩᠨᠠᠯ ᠬᠦᠬᠢᠬᠦᠯᠦᠯ᠂ ᠲᠦᠷᠦ ᠶᠢᠨ ᠪᠣᠳᠣᠯᠭ᠎ᠠ᠂ ᠦᠢᠯᠡᠰ ᠪᠣᠰᠬᠠᠬᠤ᠂ ᠲᠦᠷᠦᠯ ᠵᠦᠢᠯ ᠤᠨ ᠬᠠᠮᠳᠤᠷᠠᠯᠴᠠᠭ᠎ᠠ ᠵᠡᠷᠭᠡ ᠲᠠᠯ᠎ᠠ ᠶᠢᠨ ᠲᠡᠮᠵᠢᠯᠭᠡ ᠪᠠ ᠪᠠᠳᠣᠯᠠᠭ᠎ᠠ ᠬᠠᠩᠭᠠᠨ᠎ᠠ᠃ ᠭᠠᠴᠠᠭ᠎ᠠ ᠲᠣᠰᠬᠤᠨ ᠤ ᠪᠡᠯᠡᠳᠬᠡᠯ ᠬᠦᠴᠦᠨ ᠢᠶᠠᠷ ᠬᠦᠮᠦᠵᠢᠭᠳᠡᠭᠰᠡᠳ ᠭᠠᠴᠠᠭ᠎ᠠ ᠲᠣᠰᠬᠤᠨ ᠳᠤ ᠪᠠᠨ ᠬᠠᠣᠯᠢ ᠲᠣᠭᠳᠠᠭᠠᠯ ᠶᠣᠰᠣᠭᠠᠷ ᠮᠠᠯ ᠲᠠᠷᠢᠶᠠᠯᠠᠩ ᠤᠨ ᠦᠢᠯᠡᠰ ᠡᠷᠬᠢᠯᠡᠬᠦ᠂ ᠮᠠᠯ ᠲᠠᠷᠢᠶᠠᠯᠠᠩ ᠤᠨ ᠪᠦᠳᠦᠭᠡᠭᠳᠡᠭᠦᠨ ᠢ ᠡᠳ᠋ᠰᠢᠭᠦᠯᠬᠦ ᠵᠡᠷᠭᠡ ᠲᠦᠷᠦᠯ ᠵᠦᠢᠯ ᠢ ᠡᠷᠬᠢᠯᠡᠵᠣ᠂ ᠮᠠᠯ ᠲᠠᠷᠢᠶᠠᠯᠠᠩ ᠤᠨ ᠲᠣᠰᠬᠠᠢ  ᠬᠤᠷᠰᠢᠶᠠᠵᠢᠯ ᠢ ᠪᠠᠶᠢᠭᠤᠯᠬᠤ ᠪᠠ ᠲᠠᠶᠢᠴᠢᠯᠠᠬᠤ ᠶᠢ ᠵᠣᠷᠢᠭᠵᠢᠭᠤᠯᠣᠨ᠎ᠠ᠃ ᠢᠯᠡᠷᠡᠯ ᠨᠢ ᠰᠠᠶᠢᠨ᠂ ᠠᠮᠵᠢᠯᠳᠡ ᠲᠣᠪᠣᠶᠢᠮ᠎ᠠ᠂ ᠵᠣᠬᠢᠶᠠᠨ ᠪᠠᠶᠢᠭᠤᠯᠣᠯᠳᠠ ᠪᠠ ᠣᠯᠠᠨ ᠲᠦᠮᠡᠨ ᠳᠤ ᠮᠡᠳᠡᠷᠡᠭᠳᠡᠭᠰᠡᠳ ᠢ ᠰᠢᠯᠢᠳᠡᠭ ᠎ ᠢᠶᠠᠷ ᠰᠢᠯᠭᠠᠷᠠᠭᠤᠯᠬᠤ ᠪᠠ ︽ᠬᠤᠶᠠᠷ ᠲᠦᠯᠦᠭᠡᠯᠡᠭᠴᠢ᠂ ᠨᠢᠭᠡ ᠬᠡᠰᠢᠬᠦᠨ︾᠎ ᠢ ᠰᠣᠩᠭᠤᠬᠤ ᠦᠶᠡᠰ ᠣᠷᠢᠳᠠᠪᠠᠷ ᠪᠣᠳᠣᠯᠬᠢᠯᠠᠨ᠎ᠠ᠃     ᠲᠦᠷᠪᠡ᠂ ᠨᠡᠷ᠎ᠡ ᠮᠡᠳᠡᠭᠦᠯᠬᠦ ᠠᠷᠭ᠎ᠠ ᠪᠠᠷᠢᠯ     ᠲᠡᠭᠡᠷᠡᠬᠢ ᠨᠥᠬᠦᠴᠡᠯ ᠳᠤ ᠨᠡᠶᠢᠴᠡᠭᠰᠡᠳ ᠥᠪᠡᠷ ᠢ ᠪᠠᠨ ᠲᠠᠨᠢᠯᠴᠠᠭᠤᠯᠬᠤ᠂ ᠣᠯᠠᠨ ᠲᠦᠮᠡᠨ ᠠᠴᠠ ᠲᠠᠨᠢᠯᠴᠠᠭᠤᠯᠬᠤ ᠪᠠ ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠬᠤ ᠠᠷᠭ᠎ᠠ ᠭᠡᠯᠪᠡᠷᠢ ᠪᠠᠷ ᠨᠡᠷ᠎ᠡ ᠮᠡᠳᠡᠭᠦᠯᠦᠨ᠎ᠡ᠃ ᠣᠷᠣᠨ ᠨᠣᠳᠤᠭ ᠤᠨ ᠨᠦᠭᠡᠴᠡ ᠴᠢᠳᠠᠪᠣᠷᠢᠳᠠᠨ ᠨᠡᠷ᠎ᠡ ᠮᠡᠳᠡᠭᠦᠯᠬᠦ ᠳᠤ ᠪᠠᠨ ᠡᠷᠬᠡᠪᠰᠢ ᠲᠣᠰ ᠪᠠᠶᠢᠭᠤᠯᠭ᠎ᠠ ᠨᠢᠭᠡᠴᠡ ᠪᠣᠶᠣ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠵᠦᠪᠰᠢᠶᠡᠷᠡᠭᠦᠯᠬᠦ ᠶᠢᠨ ᠬᠠᠮᠳᠣ ︽ᠭᠠᠴᠠᠭ᠎ᠠ ᠲᠣᠰᠬᠤᠨ ᠎ ᠤ ᠪᠡᠯᠡᠳᠬᠡᠯ ᠬᠦᠴᠦᠨ ᠢ ᠵᠣᠬᠢᠶᠠᠨ ᠪᠠᠶᠢᠭᠤᠯᠣᠯᠳᠠ ᠠᠴᠠ ᠲᠠᠨᠢᠯᠴᠠᠭᠤᠯᠬᠤ ᠬᠦᠰᠦᠨᠦᠭᠳᠣ︾᠎ ᠶᠢ ᠲᠠᠭᠯᠠᠨ᠎ᠠ᠃ ᠣᠯᠠᠨ ᠲᠦᠮᠡᠨ ᠠᠴᠠ ᠲᠠᠨᠢᠯᠴᠠᠭᠤᠯᠤᠭᠰᠠᠳ ᠵᠠᠷᠴᠢᠮ ᠳᠡᠭᠡᠷ᠎ᠡ ᠪᠠᠨ 5᠎ ᠠᠴᠠ ᠳᠡᠭᠡᠭᠰᠢᠬᠢ ᠬᠦᠮᠦᠨ ᠨᠡᠷ᠎ᠡ ᠬᠤᠯᠪᠣᠭᠠᠯᠠᠨ ᠲᠠᠨᠢᠯᠴᠠᠭᠤᠯᠤᠭᠰᠠᠨ ᠪᠠᠶᠢᠬᠤ ᠭᠡᠷᠡᠭᠳᠡᠢ᠃ ᠨᠡᠷ᠎ᠡ ᠮᠡᠳᠡᠭᠦᠯᠦᠭᠰᠡᠳ ᠲᠠᠨᠢᠯᠴᠠᠭᠤᠯᠭ᠎ᠠ ᠶᠢᠨ ᠬᠦᠰᠦᠨᠦᠭᠳᠣ  ︵ᠠᠷᠣ ᠳᠤ ᠪᠣᠢ︶᠂ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠲᠡᠪᠳᠡᠷ᠂ ᠰᠣᠷᠣᠯᠭ᠎ᠠ ᠶᠢᠨ ᠨᠠᠮᠳᠠᠷ ᠪᠠ ᠬᠠᠭᠤᠯᠪᠣᠷᠢ ᠬᠠᠭᠤᠳᠠᠰᠤ ᠪᠠᠨ ᠠᠪᠴᠤ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠳᠤ ᠭᠦᠷᠴᠣ ᠨᠡᠷ᠎ᠡ ᠮᠡᠳᠡᠭᠦᠯᠦᠨ᠎ᠡ᠃     ᠨᠡᠷ᠎ᠡ ᠮᠡᠳᠡᠭᠦᠯᠵᠤ ᠲᠠᠭᠤᠰᠬᠤ ᠴᠠᠭ᠄ 2019 ᠣᠨ ᠤ 6 ᠰᠠᠷ᠎ᠠ ᠶᠢᠨ 20᠎ ᠤ ᠡᠳᠤᠷ ᠪᠤᠯᠳᠠᠯ᠎ᠠ᠃     ᠲᠣᠰ ᠠᠯᠪᠠᠨ ᠵᠠᠷ ᠢ ᠦᠣᠰᠢᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠳᠡᠰ ᠪᠠ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠠᠴᠠ ᠬᠠᠷᠢᠭᠤᠴᠠᠨ ᠲᠠᠶᠢᠯᠪᠣᠷᠢᠯᠠᠨ᠎ᠠ᠃     ᠦᠤᠰᠢᠨ ᠬᠤᠰᠢᠭᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠭᠡᠯᠳᠡᠰ᠄ 0477-7582254     ᠰᠦᠯᠳᠡ ᠰᠣᠮᠣ᠄ 0477-7520007     ᠭᠠᠯᠠᠭᠤᠳᠤ ᠪᠠᠯᠭᠠᠰᠤ᠄ 0477-7583380     ᠰᠢᠷᠬᠤᠰᠤᠨ ᠪᠠᠯᠭᠠᠰᠤ᠄ 0477-7560221     ᠤᠯᠠᠭᠠᠨᠳᠤᠯᠤᠭᠠᠢ ᠪᠠᠯᠭᠠᠰᠤ᠄ 0477-7560759     ᠲᠤᠭ ᠪᠠᠯᠭᠠᠰᠤ᠄ 0477-7510072     ᠦᠤᠰᠢᠨᠵᠤᠤ ᠪᠠᠯᠭᠠᠰᠤ᠄ 0477-2247988ᠲᠠᠭᠠᠯᠳᠣᠭᠤᠯᠣᠯ᠄    1᠂ ᠭᠠᠴᠠᠭ᠎ᠠ ᠲᠣᠰᠬᠤᠨ ᠤ ᠪᠡᠯᠡᠳᠬᠡᠯ ᠬᠦᠴᠦᠨ ᠤ ᠵᠣᠬᠢᠶᠠᠨ ᠪᠠᠶᠢᠭᠤᠯᠣᠯᠳᠠ ᠶᠢᠨ ᠲᠠᠨᠢᠯᠴᠠᠭᠤᠯᠭ᠎ᠠ ᠶᠢᠨ ᠬᠦᠰᠦᠨᠦᠭᠳᠦ    2᠂ ᠭᠠᠴᠠᠭ᠎ᠠ ᠲᠣᠰᠬᠤᠨ ᠤ ᠪᠡᠯᠡᠳᠬᠡᠯ ᠬᠦᠴᠦᠨ ᠤ ᠨᠡᠷ᠎ᠡ ᠬᠤᠯᠪᠣᠭᠠᠯᠠᠨ ᠲᠠᠨᠢᠯᠴᠠᠭᠤᠯᠬᠤ ᠬᠦᠰᠦᠨᠦᠭᠳᠣ    3᠂ ᠭᠠᠴᠠᠭ᠎ᠠ ᠲᠣᠰᠬᠤᠨ ᠤ ᠪᠡᠯᠡᠳᠬᠡᠯ ᠬᠦᠴᠦᠨ ᠤ ᠦᠪᠡᠷ ᠤᠨ ᠲᠠᠨᠢᠯᠴᠠᠭᠤᠯᠭ᠎ᠠ ᠶᠢᠨ ᠬᠦᠰᠦᠨᠦᠭᠳᠣ                               ᠦᠤᠰᠢᠨ ᠬᠤᠰᠢᠭᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠤᠯᠬᠤ ᠭᠡᠯᠳᠡᠰ
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号