ᠱᠠᠷᠯᠢᠭ ᠭᠤᠤᠯᠳᠠᠯᠭᠠᠲᠤ ᠪᠠᠭ᠎ᠠ ᠰᠤᠷᠭᠠᠭᠤᠯᠢ ᠤᠯᠠᠮᠵᠢᠯᠠᠯᠲᠤ ᠰᠤᠶᠤᠯ ᠢᠶᠠᠷ ᠰᠤᠷᠭᠠᠭᠤᠯᠢ ᠶᠢᠨ ᠣᠷᠴᠢᠨ  ᠢᠶᠠᠨ ᠴᠢᠮᠡᠭᠯᠡᠵᠦ ᠪᠠᠶᠢᠨ᠎ᠠ
ᠨᠡᠶᠢᠲᠡᠯᠡᠭᠰᠡᠨ ᠴᠠᠭ᠄
2019-06-27
     ᠪᠦᠬᠦ ᠤᠯᠤᠰ ᠤᠨ ᠵᠠᠯᠠᠭᠤ ᠪᠠᠭᠠᠴᠤᠳ ᠤᠨ ᠪᠤᠯᠪᠠᠰᠤᠨ ᠶᠤᠰᠤ ᠰᠤᠷᠲᠠᠬᠤᠨ ᠤ ᠬᠦᠮᠦᠵᠢᠯ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠪᠤᠯᠤᠭᠰᠠᠨ ᠱᠠᠷᠯᠢᠭ ᠭᠤᠤᠯᠳᠠᠯᠭᠠᠲᠤ ᠪᠠᠭ᠎ᠠ ᠰᠤᠷᠭᠠᠭᠤᠯᠢ ᠨᠢ ᠦᠨᠳᠦᠰᠦᠲᠡᠨ ᠤ ᠤᠯᠠᠮᠵᠢᠯᠠᠯᠲᠤ ᠰᠤᠶᠤᠯ ᠢ  ᠵᠢᠭᠠᠨ ᠰᠤᠷᠭᠠᠯᠲᠠ ᠲᠠᠢ ᠤᠶᠠᠯᠳᠤᠭᠤᠯᠵᠦ ᠵᠠᠯᠠᠭᠤ ᠪᠠᠭᠠᠴᠤᠳ ᠢ ᠰᠢᠨ᠎ᠡ ᠴᠠᠭ ᠦᠶ᠎ᠡ  ᠶᠢᠨ ᠰᠤᠳᠤᠨ ᠵᠠᠯᠭᠠᠮᠵᠢᠯᠠᠭᠴᠢ ᠪᠤᠯᠭᠠᠨ ᠢᠳᠡᠪᠬᠢᠳᠠᠢ ᠬᠦᠮᠦᠵᠢᠭᠦᠯᠵᠦ ᠪᠠᠶᠢᠨ᠎ᠠ᠃
     ᠤᠶᠢᠷ᠎ᠠ ᠶᠢᠨ ᠡᠳᠦᠷ᠂ ᠮᠠᠨ ᠤ ᠬᠤᠰᠢᠭᠤᠨ ᠤ ᠱᠠᠷᠯᠢᠭ ᠭᠤᠤᠯᠳᠠᠯᠭᠠᠲᠤ ᠪᠠᠭ᠎ᠠ ᠰᠤᠷᠭᠠᠭᠤᠯᠢ ᠶᠢᠨ ᠦᠨᠳᠦᠰᠦᠲᠡᠨ ᠤ ᠤᠯᠠᠮᠵᠢᠯᠠᠯᠲᠤ ᠰᠤᠶᠤᠯ ᠢ ᠰᠤᠷᠭᠠᠭᠤᠯᠢ ᠶᠢᠨ ᠬᠦᠷᠢᠶᠡᠨ ᠳᠤ ᠤᠯᠠᠮᠵᠢᠯᠠᠬᠤ ᠠᠵᠢᠯᠯᠠᠭ᠎ᠠ ᠬᠦᠭᠵᠢᠶᠡᠨᠳᠡᠢ ᠶᠠᠪᠤᠭᠳᠠᠵᠦ ᠪᠠᠭᠰᠢ ᠪᠤᠯᠤᠨ ᠭᠡᠷ ᠤᠨ ᠠᠬᠠᠮᠠᠳ ᠤᠨ ᠲᠠᠭᠠᠭᠤᠯᠭ᠎ᠠ ᠪᠠᠷ ᠬᠡᠤᠭᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢᠨ ᠰᠤᠷᠤᠭᠴᠢᠳ ᠠᠮᠤ ᠬᠠᠭᠤᠷᠠᠬᠤ᠂ ᠬᠤᠨᠢ ᠬᠠᠶᠢᠴᠢᠯᠠᠬᠤ᠂ ᠢᠮᠠᠭ᠎ᠠ ᠰᠠᠮᠨᠠᠬᠤ᠂ ᠲᠡᠮᠡᠭᠡ ᠤᠨᠤᠬᠤ᠂ ᠮᠤᠷᠢᠨ ᠡᠳ᠋ᠯᠡᠯ ᠬᠡᠷᠡᠭᠰᠡᠯ ᠢ ᠲᠠᠨᠢᠬᠤ᠂ ᠠᠷᠠᠳ ᠤᠨ ᠨᠠᠶᠢᠷ ᠬᠦᠭᠵᠢᠮ᠂ ᠬᠠᠳᠬᠤᠮᠠᠯ᠂ ᠬᠠᠶᠢᠴᠢᠯᠠᠮᠠᠯ᠂ ᠭᠤᠯᠢᠷ ᠱᠤᠭᠤᠮᠠᠯ ᠤᠨ ᠤᠷᠠᠯᠢᠭ ᠵᠡᠷᠭᠡ ᠪᠠᠶᠠᠯᠢᠭ ᠠᠭᠤᠯᠭ᠎ᠠ ᠲᠠᠢ ᠪᠤᠳᠠᠲᠤ ᠦᠢᠯᠡᠳᠦᠯᠭᠡ ᠶᠢᠨ ᠬᠢᠴᠢᠶᠡᠯᠯᠡᠭᠡ ᠳᠤ ᠣᠷᠤᠯᠴᠠᠪᠠ᠃
     2008 ᠤᠨ ᠳᠤ ᠱᠠᠷᠯᠢᠭ ᠭᠤᠤᠯᠳᠠᠯᠭᠠᠲᠤ ᠪᠠᠭ᠎ᠠ ᠰᠤᠷᠭᠠᠭᠤᠯᠢ ᠨᠢ ᠪᠦᠬᠦ ᠤᠯᠤᠰ ᠤᠨ ᠵᠠᠯᠠᠭᠤ ᠪᠠᠭᠠᠴᠤᠳ  ᠤᠨ  ᠪᠤᠯᠪᠠᠰᠤᠨ ᠶᠤᠰᠤ ᠰᠤᠷᠲᠠᠬᠤᠨ ᠤ ᠬᠦᠮᠤᠵᠢᠯ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢᠶᠠᠷ ᠦᠨᠡᠯᠡᠭᠳᠡᠭᠰᠡᠨ ᠰᠠᠭᠤᠷᠢᠨ ᠳᠡᠭᠡᠷ᠎ᠡ ᠦᠨᠳᠤᠰᠤᠳᠡᠨ ᠤ ᠵᠢᠭᠠᠨ ᠰᠤᠷᠭᠠᠯᠳᠠ ᠶᠢᠨ ᠠᠵᠢᠯ ᠢᠶᠠᠨ ᠲᠠᠰᠤᠷᠠᠯᠳᠠ ᠦᠭᠡᠢ ᠰᠢᠨᠡᠴᠢᠯᠡᠨ ᠰᠢᠯᠢᠳᠡᠭᠵᠢᠬᠦᠯᠵᠦ ᠬᠦᠳᠡᠭᠡ ᠲᠤᠰᠬᠤᠨ ᠤ ᠪᠠᠭᠠᠴᠤᠳ ᠤᠨ ᠤᠷᠳᠤᠨ ᠤ ᠬᠦᠳᠡᠯᠭᠡᠭᠡᠨ ᠢᠶᠠᠷ ᠤᠨᠴᠠᠯᠢᠭᠲᠤ ᠬᠢᠴᠢᠶᠠᠯ ᠢᠶᠠᠨ ᠪᠤᠯᠭᠠᠬᠤ᠂ ᠪᠠᠶᠠᠷ ᠲᠤᠷᠠᠰᠬᠠᠯ ᠤᠨ ᠡᠳᠦᠷ ᠤᠨ ᠨᠡᠶᠢᠭᠡᠮ ᠤᠨ ᠦᠢᠯᠡᠳᠦᠯᠭᠡ ᠶᠢᠨ ᠬᠦᠳᠡᠯᠭᠡᠭᠡᠨ ᠢᠶᠠᠷ ᠬᠢᠴᠢᠶᠡᠯᠯᠡᠭᠡ ᠪᠠᠨ ᠪᠤᠯᠭᠠᠬᠤ ᠵᠡᠷᠭᠡ ᠠᠷᠭ᠎ᠠ ᠬᠡᠯᠪᠡᠷᠢ ᠪᠠᠷ ᠦᠨᠳᠦᠰᠦᠲᠡᠨ ᠤ ᠤᠯᠠᠮᠵᠢᠯᠠᠯᠲᠤ ᠰᠤᠶᠤᠯ ᠢ ᠰᠤᠷᠭᠠᠭᠤᠯᠢ ᠶᠢᠨ ᠬᠦᠷᠢᠶᠡᠨ ᠳᠤ ᠣᠯᠠᠮᠵᠢᠯᠠᠬᠤ ᠶᠢ ᠢᠮᠠᠭᠳᠠ ᠪᠠᠷᠢᠮᠳᠠᠯᠠᠨ ᠦᠨᠳᠤᠰᠤᠳᠡᠨ ᠤ ᠰᠤᠶᠤᠯ ᠢᠷᠬᠡᠨᠰᠢᠯ ᠤᠨ ᠦᠨᠢᠷ ᠦᠳᠬᠡᠨ ᠠᠭᠤᠷ ᠠᠮᠢᠰᠬᠤᠯ ᠢᠶᠠᠷ ᠰᠤᠷᠭᠠᠭᠤᠯᠢ ᠶᠢᠨ ᠣᠷᠴᠢᠨ ᠢᠶᠠᠨ ᠴᠢᠮᠡᠵᠦ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号