2019 ᠣᠨ ᠳᠤ ᠮᠠᠨ ᠤ ᠬᠤᠰᠢᠭᠤ ᠰᠣᠷᠭᠠᠨ ᠬᠦᠮᠦᠵᠢᠯ ᠤᠨ ᠣᠶᠢᠯᠡᠰ ᠲᠤ 9.5 ᠳ᠋ᠦᠩᠰᠢᠭᠤᠷ | ᠲᠦᠬᠦᠷᠢᠭ ᠤᠨ ᠪᠡᠯᠡ ᠣᠷᠣᠭᠤᠯᠣᠨ ᠲᠦᠷᠪᠡᠨ ᠲᠤᠮᠳᠠᠳᠤ ᠪᠠᠭ᠎ᠠ ᠰᠤᠷᠭᠠᠭᠤᠯᠢ ᠬᠡᠥᠬᠡᠳ ᠤᠨ ᠴᠡᠴᠡᠷᠯᠢᠭ ᠢ ᠰᠢᠨ᠎ᠡ | ᠪᠠᠷ ᠪᠤᠶᠤ ᠦᠷᠬᠡᠳᠬᠡᠨ ᠪᠠᠶᠢᠭᠤᠯᠬᠤ ᠠᠴᠠ ᠭᠠᠳᠠᠨ᠎ᠠ ᠬᠡᠰᠡᠭ ᠰᠤᠷᠭᠠᠭᠤᠯᠢ ᠶᠢᠨ ᠲᠤᠨᠤᠭ ᠲᠦᠬᠦᠬᠡᠷᠦᠮᠵᠢ ᠶᠢ | ᠰᠢᠨᠡᠳᠬᠡᠨ ᠦᠬᠡᠷᠡᠴᠢᠯᠡᠵᠣ ᠪᠤᠢ᠃ ᠡᠨᠡ ᠨᠢ ᠰᠤᠷᠭᠠᠨ ᠬᠦᠮᠦᠵᠢᠯ ᠤᠨ ᠤᠳᠤᠬᠢᠴᠢᠯᠠᠭᠰᠠᠨ ᠬᠦᠭᠵᠢᠯᠳᠡ ᠶᠢ | ᠲᠦᠷᠬᠡᠳᠬᠡᠵᠦ ᠰᠤᠷᠭᠠᠨ ᠬᠦᠮᠦᠵᠢᠯ ᠤᠨ ᠰᠢᠯᠢᠳᠡᠭ ᠡᠬᠢ ᠪᠠᠶᠠᠯᠢᠭ ᠢ ᠬᠡᠥᠬᠡᠳ ᠪᠤᠯᠭᠠᠨ ᠳᠤ ᠲᠡᠩᠴᠡᠬᠦᠷᠢᠳᠡᠢ | ᠬᠦᠷᠳᠡᠬᠡᠬᠦ ᠶᠢ ᠪᠠᠳᠤᠯᠠᠵᠤ ᠴᠢᠳᠠᠨ᠎ᠠ᠃ | ᠮᠠᠨ ᠤ ᠬᠤᠰᠢᠭᠤ ᠡᠨᠡ ᠵᠢᠯ ᠣᠷᠳᠣᠰ ᠬᠤᠳᠠ ᠶᠢᠨ ᠮᠤᠩᠭᠤᠯ ᠦᠨᠳᠣᠰᠣᠳᠠᠨ ᠤ ᠬᠤᠶᠠᠳᠣᠭᠠᠷ ᠲᠤᠮᠳᠠᠳᠤ | ᠰᠤᠷᠭᠠᠭᠤᠯᠢ᠂ ᠲᠤᠭ ᠪᠠᠭ᠎ᠠ ᠰᠤᠷᠭᠠᠭᠤᠯᠢ᠂ ᠲᠦᠷᠪᠡᠳᠦᠬᠡᠷ ᠬᠡᠥᠬᠡᠳ ᠤᠨ ᠴᠡᠴᠡᠷᠯᠢᠭ ᠵᠡᠷᠬᠡ ᠶᠢ ᠰᠢᠨ᠎ᠡ ᠪᠠᠷ | ᠪᠠᠶᠢᠭᠤᠯᠬᠤ᠂ ᠰᠢᠯᠵᠢᠬᠦᠯᠦᠨ ᠪᠠᠶᠢᠭᠤᠯᠬᠤ᠂ ᠦᠷᠬᠡᠳᠬᠡᠨ ᠪᠠᠶᠢᠭᠤᠯᠬᠤ ᠠᠴᠠ ᠭᠠᠳᠠᠨ᠎ᠠ ᠦᠨᠳᠦᠰᠦᠨ ᠱᠠᠳᠤᠨ ᠤ | ᠲᠠᠪᠤᠨ ᠰᠤᠷᠭᠠᠭᠤᠯᠢ ᠶᠢᠨ ᠪᠠᠭᠰᠢ ᠶᠢᠨ ᠪᠠᠶᠢᠷᠢ ᠶᠢ ᠦᠷᠬᠡᠳᠬᠡᠨ ᠰᠢᠨᠡᠳᠬᠡᠬᠦ ᠶᠢᠨ ᠬᠠᠮᠳᠤ ᠬᠡᠰᠡᠭ ᠰᠤᠷᠭᠠᠭᠤᠯᠢ ᠶᠢᠨ | ᠲᠤᠨᠤᠭ ᠲᠦᠬᠦᠬᠡᠷᠦᠮᠵᠢ ᠶᠢ ᠰᠢᠨᠡᠳᠬᠡᠨ ᠦᠬᠡᠷᠡᠴᠢᠯᠠᠵᠣ ᠠᠩᠬᠢ ᠶᠢᠨ ᠬᠡᠷ ᠢᠪᠴᠤᠤ᠂ ᠲᠠᠮᠢᠷ ᠤᠨ ᠬᠦᠳᠡᠯᠬᠡᠬᠡᠨ ᠤ | ᠲᠤᠨᠤᠭ ᠲᠦᠬᠦᠬᠡᠷᠦᠮᠵᠢ ᠬᠤᠴᠤᠷᠠᠩᠭᠤᠢ ᠵᠡᠷᠬᠡ ᠪᠠᠶᠢᠳᠠᠯ ᠢ ᠪᠦᠬᠦ ᠲᠠᠯ᠎ᠠ ᠪᠠᠷ ᠦᠬᠡᠷᠡᠴᠢᠯᠠᠵᠤ ᠰᠤᠷᠭᠠᠭᠤᠯᠢ ᠶᠢᠨ | ᠭᠠᠯ ᠤᠨ ᠠᠶᠤᠯ ᠢ ᠰᠡᠷᠬᠡᠶᠢᠯᠡᠬᠦ ᠲᠤᠨᠤᠭ ᠲᠦᠬᠦᠬᠡᠷᠦᠮᠵᠢ ᠶᠢ ᠳᠡᠬᠦᠯᠳᠡᠷᠵᠢᠬᠦᠯᠥᠨ ᠬᠤᠰᠢᠭᠤ ᠰᠤᠷᠭᠠᠨ ᠬᠦᠮᠦᠵᠢᠯ | ᠤᠨ ᠴᠢᠨᠠᠷᠯᠢᠭ ᠲᠤᠭᠳᠠᠭᠤᠨ ᠲᠡᠩᠴᠡᠬᠦᠷᠢᠳᠡᠢ ᠬᠦᠭᠵᠢᠯᠳᠡ ᠶᠢ ᠠᠬᠢᠭᠤᠯᠬᠤ ᠪᠠᠷ ᠴᠢᠷᠮᠠᠶᠢᠵᠣ ᠪᠠᠶᠢᠨ᠎ᠠ᠃ |