ᠮᠤᠩᠭᠤᠯ ᠵᠦᠴᠦᠭᠡ ︽ᠮᠠᠩᠬᠠᠨ ᠪᠠᠯᠠᠷ ᠤᠨ ᠲᠠᠭᠤᠯᠠᠯ︾ ᠦᠤᠰᠢᠨᠵᠦᠦ ᠪᠠᠯᠭᠠᠰᠤᠨ ᠤ ᠪᠦᠷᠢᠳᠤ ᠭᠠᠴᠠᠭᠠᠨ ᠳᠤ ᠦᠵᠡᠭᠴᠢᠳ ᠲᠠᠢ ᠠᠩᠬᠠᠯᠠᠨ ᠵᠣᠯᠭᠠᠪᠠ
ᠨᠡᠶᠢᠲᠡᠯᠡᠭᠰᠡᠨ ᠴᠠᠭ᠄
2019-06-27
     6 ᠰᠠᠷ᠎ᠠ ᠶᠢᠨ 25 ᠤ ᠡᠳᠦᠷ᠂ ᠮᠠᠨ ᠤ ᠬᠤᠰᠢᠭᠤᠨ ᠤ ᠤᠯᠠᠭᠠᠨᠮᠦ᠋ᠴᠢᠷ ᠤᠨ 2019 ᠣᠨ ᠤ ᠤᠯᠣᠰ ᠤᠨ ᠤᠷᠠᠯᠢᠭ ᠤᠨ ᠰᠠᠭᠤᠷᠢ ᠮᠦᠩᠭᠦᠨ ᠤ ᠲᠡᠮᠵᠢᠯᠭᠡ ᠶᠢᠨ ᠲᠦᠷᠥᠯ ᠵᠦᠢᠯ ᠪᠤᠯᠬᠤ ᠮᠣᠩᠭᠤᠯ ᠲᠠᠶᠢᠰᠠᠨ ᠵᠦᠴᠦᠭᠡ ︽ᠮᠠᠩᠬᠠᠨ ᠪᠠᠯᠠᠷ ᠤᠨ ᠲᠠᠭᠤᠯᠠᠯ︾ ᠦᠤᠰᠢᠨᠵᠤᠤ ᠪᠠᠯᠭᠠᠰᠤᠨ ᠤ ᠪᠦᠷᠢᠳᠤ ᠭᠠᠴᠠᠭᠠᠨ ᠳᠤ ᠠᠩᠬ᠎ᠠ ᠦᠵᠡᠭᠴᠢ ᠲᠦᠮᠡᠨ  ᠲᠠᠢ ᠵᠤᠯᠭᠠᠯ᠎ᠠ᠃
     ᠮᠠᠨ ᠤ ᠬᠤᠰᠢᠭᠤᠨ ᠤ ᠣᠯᠠᠭᠠᠨᠮᠦ᠋ᠴᠢᠷ ᠪᠦᠬᠦ ᠣᠷᠣᠨ ᠤ ᠡᠯ᠎ᠡ ᠱᠠᠳᠣᠨ ᠤ ᠤᠯᠠᠭᠠᠠᠮᠦ᠋ᠴᠢᠷ ᠲᠠᠢ ᠰᠤᠶᠤᠯ ᠤᠷᠠᠯᠢᠭ ᠤᠨ ᠰᠤᠯᠢᠯᠴᠠᠭ᠎ᠠ ᠬᠢᠵᠣ ᠣᠯᠠᠭᠠᠨᠮᠦ᠋ᠴᠢᠷ ᠤᠨ ᠰᠣᠶᠣᠯ ᠢ ᠠᠬᠢᠭᠤᠯᠣᠨ ᠬᠦᠭᠵᠢᠬᠦᠯᠬᠦ ᠶᠢᠨ ᠳᠦᠯᠣᠭᠡ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤ᠂ ᠭᠦᠯᠥᠨ ᠪᠦᠢᠷ ᠶᠢᠨ ᠰᠢᠨ᠎ᠡ ᠪᠠᠷᠭᠤ ᠵᠡᠭᠦᠨ ᠬᠤᠰᠢᠭᠤ᠂ ᠡᠵᠡᠨ ᠬᠤᠷᠤᠭ᠎ᠠ ᠬᠤᠰᠢᠭᠤ᠂ ᠬᠠᠩᠬᠢᠨ ᠬᠤᠰᠢᠭᠤ᠂ ᠤᠳᠤᠭ ᠬᠤᠰᠢᠭᠤ ᠵᠡᠷᠭᠡ ᠬᠤᠰᠢᠭᠤᠨ ᠤ ᠤᠯᠠᠭᠠᠨᠮᠦ᠋ᠴᠢᠷ ᠪᠣᠯᠣᠨ ᠦᠪᠦᠷ ᠮᠤᠩᠭᠤᠯ ᠤᠨ ᠨᠡᠷᠡᠳᠡᠢ ᠤᠷᠠᠯᠢᠭᠴᠢᠳ ᠢ ᠣᠷᠢᠵᠣ ᠮᠠᠯᠴᠢᠨ ᠳᠦᠮᠡᠨ ᠲᠠᠢ ᠬᠠᠮᠳᠣ ᠡᠨ᠋ᠨ ᠣᠳᠠᠭᠠᠨ ᠤ ︽ᠮᠠᠩᠬᠠᠨ ᠪᠠᠯᠠᠷ ᠤᠨ ᠲᠠᠭᠤᠯᠠᠯ︾ ᠮᠣᠩᠭᠤᠯ ᠵᠦᠴᠣᠭᠡ ᠶᠢᠨ ᠠᠩᠬᠠᠨ ᠤ ᠳᠣᠭᠯᠠᠯᠳᠠ ᠶᠢ ᠰᠣᠨᠢᠷᠬᠠᠭᠤᠯᠪᠠ᠃
     ᠪᠤᠳᠠᠳᠤ ᠠᠮᠢᠳᠤᠷᠠᠯ ᠢᠶᠠᠷ ᠰᠡᠳᠤᠪᠯᠡᠭᠰᠡᠨ ᠮᠤᠩᠭᠤᠯ ᠵᠦᠴᠦᠭᠡ ︽ᠮᠠᠩᠬᠠᠨ ᠪᠠᠯᠠᠷ ᠤᠨ ᠲᠠᠭᠤᠯᠠᠯ︾ ᠨᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠣᠭᠤᠯᠵᠣ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠣᠨ ᠨᠤᠮᠢᠨ ᠲᠠᠩᠰᠤᠭ ᠭᠥᠭᠵᠢᠨ ᠮᠡᠨᠳᠣᠯᠳᠡ ᠶᠢ ᠪᠠᠶᠠᠯᠡᠭᠦᠯᠭᠦ ᠬᠦᠭᠵᠢᠯᠳᠡ ᠶᠢᠨ ᠰᠡᠳᠬᠢᠴᠡ ᠶᠢᠨ ᠳᠣᠭᠤᠷᠢᠨ ᠳᠤ ᠰᠢᠨ᠎ᠡ ᠴᠠᠭ ᠦᠶ᠎ᠡ ᠶᠢᠨ ᠲᠠᠯ᠎ᠠ ᠨᠤᠳᠤᠭ ᠤᠨ ᠠᠷᠡᠳ ᠲᠦᠮᠡᠨ ᠤ ᠰᠢᠨ᠎ᠡ ᠠᠶᠠᠨ ᠵᠠᠮ ᠳᠤ ᠪᠠᠨ ᠪᠦᠯᠬᠦᠮᠳᠡᠨ ᠨᠢᠭᠲᠠᠷᠡᠵᠦ ᠤᠷᠤᠭᠰᠢᠯᠠᠨ ᠳᠡᠮᠡᠴᠡᠭᠰᠠᠨ ᠦᠯᠢᠭᠡᠷ ᠵᠢᠱᠢᠶ᠎ᠠ ᠶᠢ ᠲᠡᠯᠭᠡᠨ ᠦᠵᠡᠭᠦᠯᠵᠦ ᠲᠠᠭᠤᠤ᠂ ᠪᠦᠵᠢᠭ᠂ ᠶᠠᠷᠢᠯᠴᠠᠭ᠎ᠠ ᠶᠢ ᠵᠣᠬᠢᠰᠲᠠᠢ ᠲᠤᠬᠢᠷᠠᠭᠤᠯᠵᠦ ᠦᠵᠡᠭᠴᠢᠳ ᠤᠨ ᠬᠠᠯᠠᠭᠤᠨ ᠬᠦᠷᠢᠶᠠᠯᠠᠯ ᠢ ᠣᠯᠵᠣ ᠴᠢᠳᠠᠭᠰᠠᠨ ᠪᠠᠶᠢᠨ᠎ᠠ᠃
     ᠤᠶᠢᠯᠠᠭᠠᠭᠰᠠᠨ ᠢᠶᠠᠷ ᠮᠠᠨ ᠤ ᠬᠤᠰᠢᠭᠤᠨ ᠤ ᠤᠯᠠᠭᠠᠨᠮᠦ᠋ᠴᠢᠷ 2016 ᠤᠨ ᠠᠴᠠ ᠡᠬᠢᠯᠡᠨ ︽ᠮᠠᠩᠬᠠᠨ ᠪᠠᠯᠠᠷ ᠤᠨ ᠲᠠᠭᠤᠯᠠᠯ︾ ᠭᠡᠭᠦ ᠵᠦᠴᠦᠭᠡ ᠪᠠᠨ ᠪᠢᠴᠢᠵᠣ 2018 ᠤᠨ ᠠᠴᠠ ᠳᠣᠭᠯᠠᠯᠳᠠ ᠪᠠᠨ ᠪᠡᠯᠡᠳᠬᠡᠨ ᠡᠨ᠋ᠨ ᠵᠢᠯ 3 ᠰᠠᠷ᠎ᠠ ᠶᠢᠨ ᠬᠤᠭᠤᠴᠠᠭ᠎ᠠ ᠵᠠᠷᠤᠴᠠᠭᠤᠯᠤᠨ ᠵᠠᠰᠠᠪᠤᠷᠢ ᠤᠷᠤᠭᠤᠯᠵᠤ ᠠᠩᠬᠠᠨ ᠤ ᠳᠣᠭᠯᠠᠯᠳᠠ ᠪᠠᠨ ᠠᠮᠵᠢᠯᠳᠡ ᠲᠠᠢ ᠲᠤᠭᠯᠠᠭᠰᠠᠨ ᠪᠠᠶᠢᠨ᠎ᠠ᠃ ᠡᠨᠡ ᠵᠢᠯ ᠪᠥᠭᠦ ᠬᠤᠰᠢᠭᠤᠨ ᠤ ᠬᠡᠪᠴᠢᠶᠠᠨ ᠳᠤ 30 ᠲᠠᠯᠠᠪᠤᠷ ᠲᠤᠭᠯᠠᠯᠳᠠ ᠭᠠᠷᠭᠠᠬᠤ ᠪᠠᠷ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号