ᠮᠠᠨ ᠤ ᠬᠤᠰᠢᠭᠤᠨ ᠤ ᠰᠠᠬᠢᠨ ᠬᠤᠷᠢᠬᠤ ᠭᠠᠵᠠᠷ ᠤᠨ ᠬᠢᠨ ᠪᠤᠯᠪᠠᠰᠤᠨ ᠬᠠᠮᠢᠶᠠᠷᠤᠯᠳᠠ ᠶᠢ ᠪᠠᠷᠢᠮᠳᠠᠯᠠᠨ ᠪᠤᠯᠪᠠᠰᠤᠨ ᠰᠤᠷᠳᠠᠯ ᠢ ᠰᠤᠷᠳᠠᠯᠴᠢᠯᠠᠵᠤ ᠪᠤᠢ
ᠨᠡᠶᠢᠲᠡᠯᠡᠭᠰᠡᠨ ᠴᠠᠭ᠄
2019-06-28
     ᠮᠠᠨ ᠤ ᠬᠤᠰᠢᠭᠤᠨ ᠤ ᠰᠠᠬᠢᠨ ᠬᠤᠷᠢᠬᠤ ᠭᠠᠵᠠᠷ ᠤᠨ ᠬᠢᠨ ᠲᠦᠷ ᠬᠤᠷᠢᠵᠤ ᠪᠠᠶᠢᠭ᠎ᠠ ᠬᠦᠮᠤᠰ ᠲᠤ ᠪᠤᠯᠪᠠᠰᠤᠨ ᠬᠠᠮᠢᠶᠠᠷᠤᠯᠳᠠ ᠬᠦᠮᠤᠵᠢᠯ ᠬᠢᠬᠦ ᠶᠢ ᠬᠢᠨᠠᠨ ᠬᠠᠮᠢᠶᠠᠷᠬᠤ ᠠᠵᠢᠯ ᠤᠨ ᠭᠤᠤᠯᠳᠠᠯᠭ᠎ᠠ ᠪᠤᠯᠭᠠᠬᠤ ᠶᠢ ᠴᠠᠭ ᠢᠮᠠᠬᠳᠠ ᠪᠠᠷᠢᠮᠳᠠᠯᠠᠨ᠂ ︽ᠪᠤᠯᠪᠠᠰᠤᠨ ᠬᠠᠮᠢᠶᠠᠷᠤᠯᠳᠠ᠂ ᠬᠠᠤᠯᠢ ᠶᠤᠰᠤᠨ ᠤ ᠬᠠᠮᠢᠶᠠᠷᠤᠯᠳᠠ᠂ ᠰᠢᠨᠵᠢᠯᠡᠬᠦ ᠤᠬᠠᠭᠠᠨᠴᠢ ᠬᠠᠮᠢᠶᠠᠷᠤᠯᠳᠠ︾ ᠶᠢ ᠪᠤᠳᠠᠳᠤ ᠭᠠᠵᠠᠷ ᠲᠤᠨᠢ ᠨᠠᠶᠢᠳᠠᠪᠤᠷᠢᠵᠢᠭᠤᠯᠵᠤ᠂ ᠨᠡᠯᠢᠶᠡᠳ ᠰᠠᠶᠢᠨ ᠨᠡᠶᠢᠭᠡᠮ ᠤᠨ ᠦᠷ᠎ᠠ ᠠᠰᠢᠭ ᠢ ᠤᠯᠤᠭᠰᠠᠨ ᠪᠠᠶᠢᠨ᠎ᠠ᠃      ᠨᠢᠭᠡ ᠳᠤ᠂ ᠠᠷᠠᠳ ᠤᠨ ᠴᠠᠬᠳᠠᠭ᠎ᠠ ᠨᠠᠷ ᠤᠨ ᠦᠵᠡᠯ ᠰᠠᠨᠠᠭ᠎ᠠ ᠳᠠᠨᠢᠯᠳᠠ ᠪᠠ ᠭᠡᠪ ᠴᠢᠨᠠᠷ ᠢ ᠳᠡᠭᠡᠭᠰᠢᠯᠡᠬᠦᠯᠬᠦ ᠠᠴᠠ ᠭᠠᠷᠳᠠᠨ᠂ ᠳᠡᠳᠡᠨ ᠤ ᠤᠯᠤᠰ ᠤᠨ ᠬᠠᠤᠯᠢ ᠴᠠᠭᠠᠵᠠ ᠪᠠ ᠳᠦᠷᠦ ᠶᠢᠨ ᠪᠤᠳᠤᠯᠭ᠎ᠠ ᠶᠢᠨ ᠬᠠᠮᠢᠶᠠᠳᠠᠢ ᠮᠡᠳᠡᠯᠭᠡ ᠶᠢ ᠨᠡᠮᠡᠭᠳᠡᠬᠦᠯᠵᠤ᠂ ᠦᠡᠭᠭᠡᠷᠡᠭᠰᠡᠨ ᠤ ᠳᠡᠷᠡ ᠬᠦ ᠳᠠᠩ ᠭᠠᠭᠴᠠ ᠠᠯᠪᠠᠳᠠᠯᠭ᠎ᠠ ᠶᠢᠨ ᠴᠢᠨᠠᠷᠳᠠᠢ ᠬᠠᠮᠢᠶᠠᠷᠤᠯᠳᠠ ᠬᠦᠮᠤᠵᠢᠯ ᠢ ᠳᠤᠳᠤᠨᠤᠴᠢᠯᠠᠬᠰᠠᠨ ᠬᠠᠮᠢᠶᠠᠷᠤᠯᠳᠠ ᠬᠦᠮᠤᠵᠢᠯ ᠪᠤᠯᠭᠠᠨ ᠬᠤᠪᠢᠷᠠᠭᠤᠯᠵᠤ᠂ ᠲᠦᠷ ᠬᠤᠷᠢᠵᠤ ᠪᠠᠶᠢᠭ᠎ᠠ ᠬᠦᠮᠤᠰ ᠢ ᠨᠡᠶᠢᠭᠡᠮ ᠳᠤ ᠭᠡᠷᠡᠭᠴᠡᠭᠡ ᠲᠠᠢ ᠬᠦᠮᠤᠨ ᠪᠤᠯᠭᠠᠨ ᠬᠦᠮᠤᠵᠢᠬᠦᠯᠵᠤ ᠪᠠᠶᠢᠨ᠎ᠠ᠃      ᠬᠤᠶᠠᠷ ᠲᠤ᠂ ᠪᠤᠳᠠᠳᠠᠢ ᠠᠵᠢᠯ ᠤᠨ ᠳᠤᠮᠳᠠ ᠪᠤᠯᠪᠠᠰᠤᠨ ᠦᠭᠡ ᠶᠠᠷᠢᠨ᠂ ᠠᠷᠠᠳ ᠤᠨ ᠴᠠᠬᠳᠠᠭ᠎ᠠ ᠨᠠᠷ ᠤᠨ ᠠᠵᠢᠯᠯᠠᠭ᠎ᠠ ᠶᠢ ᠳᠦᠷᠢᠮᠵᠢᠬᠦᠯᠵᠤ᠂ ᠲᠦᠷ ᠬᠤᠷᠢᠵᠤ ᠪᠠᠶᠢᠭ᠎ᠠ ᠬᠦᠮᠤᠰ ᠤᠨ ᠡᠮᠢᠶᠠᠨ ᠰᠦᠷᠳᠡᠬᠦ ᠦᠵᠡᠯ ᠪᠤᠳᠤᠯ ᠢ ᠠᠷᠢᠯᠭᠠᠨ᠂ ᠬᠠᠮᠢᠶᠠᠷᠤᠯᠳᠠ ᠬᠦᠮᠤᠵᠢᠯ ᠤᠨ ᠤᠷᠤᠬᠰᠢᠳᠠᠢ ᠶᠠᠪᠤᠬᠳᠠᠬᠤ ᠶᠢ ᠪᠠᠳᠤᠯᠠᠵᠤ ᠪᠤᠢ᠃ ᠭᠤᠷᠪᠠ ᠳᠤ᠂ ᠲᠦᠷ ᠬᠤᠷᠢᠵᠤ ᠪᠠᠶᠢᠭ᠎ᠠ ᠬᠦᠮᠤᠰ ᠲᠤ ᠳᠤᠬᠳᠠᠮᠠᠯ ᠬᠤᠭᠤᠴᠠᠭ᠎ᠠ ᠲᠠᠢ ᠪᠠᠷ ᠬᠠᠤᠯᠢ ᠳᠦᠷᠢᠮ ᠪᠠ ᠪᠤᠯᠪᠠᠰᠤᠨ ᠤ ᠬᠦᠮᠤᠵᠢᠯ ᠬᠢᠵᠤ᠂ ᠳᠡᠳᠡᠨ ᠳᠤ ᠬᠦᠮᠤᠰ ᠲᠠᠢ ᠬᠠᠷᠢᠯᠴᠠᠬᠤ ᠳᠤ ᠡᠷᠭᠡ ᠳᠡᠭᠰᠢ ᠪᠤᠯᠪᠠᠰᠤᠨ ᠪᠠᠶᠢᠬᠤ ᠶᠢ ᠮᠡᠳᠡᠬᠦᠯᠵᠤ᠂ ︽ᠬᠢᠨᠳᠠᠨ ᠤ ᠡᠵᠡᠷᠭᠡᠭᠴᠢ︾ ᠶᠢᠨ ᠪᠤᠯᠬᠢ ᠠᠵᠢᠯᠯᠠᠭ᠎ᠠ ᠡᠬᠦᠰᠬᠦ ᠶᠢ ᠴᠢᠩᠭ᠎ᠠ ᠬᠤᠷᠢᠬᠯᠠᠵᠤ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号