ᠮᠠᠨ ᠤ ᠬᠤᠰᠢᠭᠤ ᠤᠯᠠᠮᠵᠢᠯᠠᠯᠲᠤ ᠳᠣᠭᠯᠠᠭᠠᠮ ᠱᠠᠭ᠎ᠠ ᠨᠠᠭᠠᠳᠤᠮ ᠢ ᠰᠤᠷᠭᠠᠭᠤᠯᠢ ᠶᠢᠨ ᠬᠦᠷᠢᠶᠡᠨ ᠳᠤ ᠳᠡᠯᠭᠡᠷᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2019-06-03
     ᠮᠠᠨ ᠤ ᠮᠣᠩᠭᠤᠯ ᠦᠨᠳᠦᠰᠦᠲᠡᠨ ᠤ ᠤᠯᠠᠮᠵᠢᠯᠠᠯᠲᠤ ᠱᠠᠭ᠎ᠠ ᠨᠠᠭᠠᠳᠤᠮ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠣᠨ ᠦᠨᠳᠦᠰᠦᠲᠡᠨ ᠤ ᠤᠯᠠᠮᠵᠢᠯᠠᠯᠲᠤ ᠰᠣᠶᠣᠯ ᠢᠶᠠᠨ ᠳᠡᠯᠭᠡᠷᠡᠭᠦᠯᠵᠦ ᠰᠤᠷᠤᠭᠴᠢᠳ ᠤᠨ ᠣᠶᠣᠨ ᠣᠬᠠᠭᠠᠨ ᠢ ᠬᠤᠷᠴᠠᠯᠠᠵᠤ ᠪᠠᠶᠢᠨ᠎ᠠ᠃      ᠣᠶᠢᠷ᠎ᠠ ᠶᠢᠨ ᠡᠳᠦᠷ᠂ ᠲᠤᠭ ᠪᠠᠯᠭᠠᠰᠤᠨ ᠤ ᠬᠡᠦᠬᠡᠳ ᠤᠨ ᠴᠡᠴᠡᠷᠯᠢᠭ ᠨᠢ ᠣᠳᠤᠭ ᠤᠨ ᠡᠮᠦᠨᠡᠲᠤ ᠬᠤᠰᠢᠭᠤᠨ ᠤ ᠱᠠᠭ᠎ᠠ ᠨᠠᠭᠠᠳᠤᠮ ᠤᠨ ᠲᠦᠷᠦᠯ ᠤᠨ ᠪᠣᠳᠠᠰ ᠤᠨ ᠪᠤᠰᠤ ᠰᠣᠶᠣᠯ ᠤᠨ ᠦᠪ ᠤᠨ ᠦᠪᠯᠡᠨ ᠤᠯᠠᠮᠵᠢᠯᠠᠭᠴᠢ ᠠᠷᠪᠢᠨᠪᠠᠶᠠᠷ ᠢ ᠤᠷᠢᠨ ᠠᠪᠴᠢᠷᠠᠵᠤ ᠱᠠᠭ᠎ᠠ ᠨᠠᠭᠠᠳᠤᠮ ᠢ ᠤᠯᠠᠮᠵᠢᠯᠠᠨ ᠬᠦᠭᠵᠢᠭᠦᠯᠬᠦ ᠠᠵᠢᠯᠯᠠᠭ᠎ᠠ ᠦᠷᠨᠢᠭᠦᠯᠪᠡ᠃      ᠲᠤᠭ ᠪᠠᠯᠭᠠᠰᠤᠨ ᠤ ᠬᠡᠦᠬᠡᠳ ᠤᠨ ᠴᠡᠴᠡᠷᠯᠢᠭ ᠤᠨ ᠵᠠᠬᠢᠷᠤᠯ ᠠᠰᠬᠠᠨ᠄ ︽ᠱᠠᠭ᠎ᠠ ᠨᠠᠭᠠᠳᠤᠮ ᠪᠣᠯ ᠤᠷᠲᠤ ᠤᠳᠠᠭᠠᠨ ᠲᠡᠦᠬᠡ ᠲᠠᠢ ᠲᠣᠭᠯᠠᠭᠠᠮ ᠨᠠᠭᠠᠳᠤᠮ ᠤᠨ ᠲᠦᠷᠦᠯ ᠵᠦᠢᠯ ᠪᠣᠯᠤᠨ᠎ᠠ᠃ ᠣᠷᠴᠢᠮ ᠤᠨ ᠵᠢᠯ ᠠᠴᠠ ᠱᠠᠭ᠎ᠠ ᠨᠠᠭᠠᠳᠤᠮ ᠨᠢ ᠪᠠᠯᠠᠷᠠᠵᠤ ᠴᠦᠭᠡᠷᠡᠵᠦ ᠪᠠᠶᠢᠬᠤ ᠦᠵᠡᠭᠳᠡᠯ ᠭᠠᠷᠴᠤ ᠪᠠᠶᠢᠨ᠎ᠠ᠃ ᠡᠭᠦᠨ ᠳᠤ ᠵᠤᠷᠢᠭᠤᠯᠤᠨ ᠮᠠᠨ ᠤ ᠬᠡᠤᠭᠡᠳ ᠤᠨ ᠴᠡᠴᠡᠷᠯᠢᠭ  ᠨᠢ ᠳᠤᠰᠬᠠᠢ ᠱᠠᠭ᠎ᠠ ᠨᠠᠭᠠᠳᠤᠮ ᠤᠨ ᠳᠤᠬᠠᠢ ᠬᠦᠳᠡᠯᠭᠡᠭᠡᠨ ᠦᠷᠨᠢᠭᠦᠯᠵᠦ ᠱᠠᠭ᠎ᠠ ᠨᠠᠭᠠᠳᠣᠮ ᠢ ᠬᠡᠦᠬᠡᠳ ᠲᠤ ᠣᠶᠢᠯᠠᠭᠠᠭᠤᠯᠬᠤ ᠤᠷ᠎ᠠ ᠳᠡᠮ ᠢ ᠵᠢᠭᠠᠨ ᠶᠠᠭᠠᠬᠢᠵᠦ ᠲᠣᠭᠯᠠᠬᠤ ᠶᠢ ᠮᠡᠳᠡᠭᠦᠯᠵᠦ ᠱᠠᠭ᠎ᠠ ᠶᠢᠨ ᠰᠣᠶᠣᠯ ᠢ ᠤᠯᠠᠮ ᠨᠢᠭᠡ ᠠᠯᠬᠤᠮ ᠬᠦᠭᠵᠢᠬᠦᠯᠵᠦ ᠪᠠᠶᠢᠨ᠎ᠠ︾ ᠬᠡᠪᠡ᠃      ᠠᠷᠪᠢᠨᠪᠠᠶᠠᠷ ᠱᠠᠭ᠎ᠠ ᠨᠠᠭᠠᠳᠤᠮ ᠤᠨ ᠲᠦᠷᠦᠯ ᠤᠨ ᠪᠣᠳᠠᠰ ᠤᠨ ᠪᠤᠰᠤ ᠰᠣᠶᠣᠯ ᠤᠨ ᠦᠪ ᠤᠨ ᠦᠪᠯᠡᠨ ᠵᠠᠯᠭᠠᠮᠵᠢᠯᠠᠭᠴᠢ ᠪᠣᠯᠤᠭᠰᠠᠨ ᠤ ᠬᠤᠪᠢ ᠳᠤ ᠣᠯᠠᠨ ᠵᠢᠯ ᠤᠨ ᠳᠤᠷᠰᠢ ᠠᠯᠠᠱᠠ᠂ ᠰᠢᠯᠢ ᠶᠢᠨ ᠭᠤᠣᠯ ᠵᠡᠷᠭᠡ ᠱᠠᠭ᠎ᠠ ᠨᠠᠭᠠᠳᠤᠮ ᠤᠨ ᠰᠣᠶᠣᠯ ᠤᠯᠠᠮᠵᠢᠯᠠᠭᠳᠠᠨ ᠬᠠᠳᠠᠭᠠᠯᠠᠭᠳᠠᠵᠤ ᠪᠠᠶᠢᠭ᠎ᠠ ᠭᠠᠵᠠᠷ ᠣᠷᠣᠨ ᠢᠶᠠᠷ ᠳᠣᠭᠤᠷᠢᠨ ᠰᠤᠳᠤᠯᠵᠤ ᠮᠠᠨ ᠤ ᠬᠤᠲᠠ ᠶᠢᠨ ᠡᠯ᠎ᠡ ᠰᠤᠷᠭᠠᠭᠤᠯᠢ᠂ ᠬᠡᠤᠭᠡᠳ ᠤᠨ ᠴᠡᠴᠡᠷᠯᠢᠭ ᠢᠶᠠᠷ ᠱᠠᠭ᠎ᠠ ᠨᠠᠭᠠᠳᠤᠮ ᠢ ᠤᠯᠠᠮᠵᠢᠯᠠᠨ ᠬᠦᠭᠵᠢᠭᠦᠯᠬᠦ ᠠᠵᠢᠯᠯᠠᠭ᠎ᠠ ᠦᠷᠨᠢᠭᠦᠯᠵᠦ ᠣᠷᠳᠣᠰ ᠨᠤᠲᠤᠭ ᠲᠤ ᠭᠡᠭᠡᠭᠳᠡᠨ ᠮᠠᠷᠲᠠᠭᠳᠠᠵᠤ ᠪᠠᠶᠢᠭ᠎ᠠ‌‍ᠱᠠᠭ᠎ᠠ ᠨᠠᠭᠠᠳᠤᠮ ᠤᠨ ᠰᠣᠶᠣᠯ ᠢ ᠤᠯᠠᠮᠵᠢᠯᠠᠭᠰᠠᠭᠠᠷ ᠢᠷᠡᠭᠰᠡᠨ ᠪᠠᠶᠢᠨ᠎ᠠ᠃      ᠠᠷᠪᠢᠨᠪᠠᠶᠠᠷ᠄ ︽ᠮᠠᠨ ᠤ ᠣᠷᠳᠣᠰ ᠤᠨ ᠬᠡᠪᠴᠢᠶᠡᠨ ᠳᠤ ᠪᠠᠶᠢᠭ᠎ᠠ ᠬᠡᠦᠬᠡᠳ ᠪᠣᠯᠤᠨ ᠠᠬᠠᠮᠠᠳ ᠤᠨ ᠳᠤᠮᠳᠠ ᠶᠡᠷᠦᠩᠬᠡᠢ ᠳᠤᠨᠢ ᠱᠠᠭ᠎ᠠ ᠨᠠᠭᠠᠳᠤᠮ ᠨᠢ ᠵᠠᠮᠬᠠᠷᠠᠭᠰᠠᠨ ᠬᠠᠶᠠᠭᠳᠠᠭᠰᠠᠨ ᠣᠷᠬᠢᠭᠳᠠᠭᠰᠠᠨ ᠡᠶᠢᠮᠦ ᠬᠦᠨᠳᠦ ᠨᠣᠴᠢᠲᠠᠢ ᠪᠠᠶᠢᠳᠠᠯ  ᠳᠤ ᠣᠷᠣᠵᠠᠢ ᠃ ᠰᠠᠶᠢᠨ ᠲᠤᠷ᠎ᠠ ᠠᠴᠠ ᠪᠠᠨ ᠰᠤᠷᠭᠠᠭᠤᠯᠢ ᠳᠤ ᠣᠴᠢᠭᠠᠳ ᠰᠤᠷᠭᠠᠭᠤᠯᠢ ᠶᠢᠨ ᠵᠠᠬᠢᠷᠤᠯ ᠠᠴᠠ ᠵᠦᠪᠰᠢᠶᠡᠷᠡᠯ ᠠᠪᠤᠭᠰᠠᠨ ᠤ ᠳᠠᠷᠠᠭ᠎ᠠ ᠳᠤᠨᠢ ᠦᠵᠡᠭᠦᠯᠤᠯᠭᠡ ᠭᠠᠷᠭᠠᠨ ᠰᠤᠷᠤᠭᠴᠢᠳ ᠤᠨ ᠳᠤᠮᠳᠠ ᠬᠢᠴᠢᠶᠡᠯ ᠣᠷᠣᠬᠤ ᠵᠡᠷᠭᠡ ᠬᠡᠯᠪᠡᠷᠢ ᠪᠠᠷ ᠶᠠᠪᠤᠭᠳᠠᠵᠤ ᠪᠠᠶᠢᠨ᠎ᠠ︾ ᠭᠡᠪᠡ᠃      ᠳᠣᠰ ᠤᠳᠠᠭᠠᠨ ᠤ ᠠᠵᠢᠯᠯᠠᠭ᠎ᠠ ᠳᠤ ᠱᠠᠭ᠎ᠠ ᠶᠢᠨ ᠲᠤᠬᠠᠢ ᠮᠡᠳᠡᠯᠭᠡ᠂ ᠤᠯᠠᠮᠵᠢᠯᠠᠯᠲᠤ ᠲᠣᠭᠯᠠᠬᠤ ᠠᠷᠭ᠎ᠠ ᠶᠢ ᠪᠠᠭᠰᠢ ᠰᠤᠷᠤᠭᠴᠢᠳ ᠲᠤ ᠵᠢᠭᠠᠨ ᠱᠠᠭ᠎ᠠ ᠶᠢᠨ ᠨᠠᠭᠠᠳᠤᠮ ᠤᠨ ᠤᠷᠤᠯᠳᠤᠭᠠᠨ ᠦᠷᠨᠢᠭᠦᠯᠦᠭᠰᠡᠨ ᠪᠠᠶᠢᠨ᠎ᠠ᠃      ᠮᠠᠨ ᠤ ᠬᠤᠰᠢᠭᠤ᠂ ᠣᠶᠢᠷ᠎ᠠ ᠶᠢᠨ ᠵᠢᠯ ᠠᠴᠠ ᠡᠯ᠎ᠡ ᠬᠡᠤᠭᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠤᠨ ᠬᠦᠷᠢᠶᠡᠨ ᠳᠤ ᠵᠢᠯ ᠳᠤ ᠬᠡᠳᠦ ᠤᠳᠠᠭᠠᠨ ᠤ ᠪᠠᠶᠠᠯᠢᠭ ᠠᠭᠤᠯᠭ᠎ᠠ ᠲᠠᠢ ᠠᠵᠢᠯᠯᠠᠭ᠎ᠠ ᠥᠷᠨᠢᠭᠦᠯᠬᠦ ᠪᠠᠷ ᠳᠠᠮᠵᠢᠨ ᠱᠠᠭ᠎ᠠ ᠨᠠᠭᠠᠳᠤᠮ ᠢ  ᠤᠯᠠᠮᠵᠢᠯᠠᠨ ᠳᠡᠯᠭᠡᠷᠡᠭᠦᠯᠵᠦ ᠰᠤᠷᠤᠭᠴᠢᠳ ᠤᠨ ᠣᠢ ᠤᠬᠠᠭᠠᠨ ᠢ ᠬᠤᠷᠴᠠᠯᠠᠵᠤ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠷᠠᠳᠢᠤ᠋ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号