ᠮᠠᠨ ᠤ ᠬᠤᠰᠢᠭᠤᠨ ᠤ ᠡᠯ᠎ᠡ ᠳᠣᠮᠳᠠᠳᠣ ᠪᠠᠭ᠎ᠠ ᠰᠣᠷᠭᠠᠭᠤᠯᠢ ᠰᠣᠷᠭᠠᠭᠤᠯᠢ ᠶᠢᠨ ᠬᠦᠷᠢᠶᠡᠨ ᠤ ᠰᠢᠨᠵᠢᠯᠡᠬᠦ ᠮᠡᠷᠭᠡᠵᠢᠯ | ᠤᠨ ᠡᠬᠦᠳᠣᠨ ᠪᠦᠳᠣᠭᠡᠯᠳᠡ ᠶᠢᠨ ᠣᠷᠣᠯᠳᠣᠭᠠᠨ ᠢ ᠰᠠᠶᠢᠳᠣᠷ ᠦᠷᠨᠢᠬᠦᠯᠵᠦ ᠰᠣᠷᠣᠭᠴᠢᠳ ᠤᠨ ᠣᠷ᠎ᠠ ᠠᠪᠢᠶᠠᠰ ᠢ | ᠪᠠᠳᠠᠷᠠᠭᠤᠯᠤᠨ ᠣᠯᠠᠨ ᠲᠠᠯ᠎ᠠ ᠪᠠᠷ ᠮᠠᠷᠭᠡᠰᠢᠨ ᠴᠢᠳᠠᠪᠣᠷᠢᠵᠢᠬᠤ ᠳᠤ ᠰᠠᠭᠤᠷᠢ ᠳᠠᠯᠪᠢᠵᠣ ᠪᠠᠶᠢᠨ᠎ᠠ᠃ | ᠤᠶᠢᠷ᠎ᠠ ᠶᠢᠨ ᠡᠳᠦᠷ᠂ ᠮᠠᠨ ᠤ ᠬᠤᠰᠢᠭᠤᠨ ᠤ ᠮᠤᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ | 200 ᠭᠠᠷᠤᠢ ᠰᠤᠷᠤᠭᠴᠢᠳ ᠤᠨ ᠪᠦᠳᠣᠭᠡᠯ ᠣᠷᠣᠯᠴᠠᠭᠰᠠᠨ 2019 ᠤᠨ ᠤ ︽ᠮᠠᠯᠴᠢᠨ ᠤ ᠦᠷᠭᠦᠭᠡ︾ ᠬᠤᠨᠳᠠᠭᠠᠲᠤ | ᠰᠣᠷᠣᠭᠴᠢᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠢ ᠡᠷᠬᠢᠯᠡᠨ | ᠶᠠᠪᠣᠭᠳᠠᠭᠤᠯᠵᠣ ᠬᠢᠨᠠᠨ ᠰᠢᠯᠭᠠᠷᠠᠭᠤᠯᠤᠯᠲᠠ ᠪᠠᠷ ᠲᠠᠮᠵᠢᠨ 18 ᠪᠦᠲᠦᠭᠡᠯ ᠨᠢ ᠳᠦᠷᠣᠭᠦᠣ ᠭᠤᠷᠪᠡᠨ ᠨᠡᠷᠡᠰ ᠲᠤ | ᠰᠣᠩᠭᠤᠭᠳᠠᠪᠠ᠃ | ᠣᠶᠢᠷ᠎ᠠ ᠶᠢᠨ ᠵᠢᠯ ᠠᠴᠠ ᠨᠠᠰᠢ ᠮᠠᠨ ᠤ ᠬᠤᠰᠢᠭᠤᠨ ᠤ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ | ᠰᠤᠷᠭᠠᠭᠤᠯᠢ ᠨᠢ ᠰᠣᠷᠣᠭᠴᠢᠳ ᠢ ᠡᠯ᠎ᠡ ᠬᠢᠴᠢᠶᠠᠯ ᠲᠦᠷᠦᠯ ᠳᠡᠭᠡᠨ ᠪᠦᠷ ᠪᠦᠳᠦᠬᠡᠯᠴᠢ ᠰᠡᠳᠬᠢᠬᠦᠢ ᠲᠠᠢ ᠪᠣᠯᠭᠠᠨ ᠰᠢᠨᠵᠢᠯᠡᠬᠦ | ᠮᠡᠷᠭᠡᠵᠢᠯ ᠤᠨ ᠡᠬᠦᠳᠦᠨ ᠪᠦᠳᠦᠬᠡᠯᠳᠡ ᠶᠢᠨ ᠠᠵᠢᠯᠯᠠᠭ᠎ᠠ ᠶᠢ ᠦᠨᠳᠦᠰᠦᠳᠡᠨ ᠤ ᠤᠯᠠᠮᠵᠢᠯᠠᠯᠳᠤ ᠲᠠᠮᠢᠷ ᠤᠷᠠᠯᠢᠭ᠂ | ᠰᠤᠷᠭᠠᠭᠤᠯᠢ ᠶᠢᠨ ᠬᠦᠷᠢᠶᠠᠨ ᠤ ᠰᠤᠶᠤᠯᠵᠢᠯ ᠤᠨ ᠪᠦᠳᠦᠬᠡᠨ ᠪᠠᠶᠢᠭᠤᠯᠤᠯᠳᠠ ᠲᠠᠢ ᠬᠠᠮᠳᠤ ᠤᠨᠴᠠᠯᠢᠭᠳᠤ ᠵᠢᠭᠠᠨ ᠰᠤᠷᠭᠠᠯᠳᠠ | ᠶᠢᠨ ᠴᠢᠬᠤᠯᠠ ᠨᠢᠬᠡᠨ ᠠᠵᠢᠯ ᠢᠶᠠᠷ ᠠᠳᠬᠤᠵᠣ ᠵᠢᠯ ᠪᠦᠷᠢ ᠶᠢᠨ ᠲᠠᠪᠤᠳᠤᠭᠠᠷ ᠰᠠᠷ᠎ᠠ ᠳᠤ ᠰᠣᠷᠣᠭᠴᠢᠳ ᠤᠨ ᠡᠬᠦᠳᠦᠨ | ᠪᠦᠳᠦᠬᠡᠯᠳᠡ ᠶᠢᠨ ᠠᠵᠢᠯᠯᠠᠭ᠎ᠠ᠂ ᠶᠢᠰᠦᠳᠦᠬᠡᠷ ᠰᠠᠷ᠎ᠠ ᠳᠤ ᠪᠠᠭᠰᠢ ᠨᠠᠷ ᠤᠨ ᠡᠬᠦᠳᠦᠨ ᠪᠦᠳᠦᠬᠡᠯᠳᠡ ᠶᠢᠨ ᠠᠵᠢᠯᠯᠠᠭ᠎ᠠ᠂ | ᠠᠷᠪᠠᠨ ᠬᠤᠶᠠᠳᠤᠭᠠᠷ ᠰᠠᠷ᠎ᠠ ᠳᠤ ᠬᠡᠷ ᠤᠨ ᠠᠬᠠᠮᠠᠳ ᠤᠨ ᠰᠢᠨᠵᠢᠯᠡᠬᠦ ᠤᠬᠠᠭᠠᠨ ᠤ ᠡᠬᠦᠳᠦᠨ ᠪᠦᠳᠦᠬᠡᠯᠳᠡ ᠶᠢᠨ | ᠤᠷᠤᠯᠳᠤᠭᠠᠨ ᠵᠡᠷᠭᠡ ᠶᠢ ᠵᠤᠬᠢᠶᠠᠨ ᠪᠠᠶᠢᠭᠤᠯᠤᠨ ᠦᠷᠨᠢᠬᠦᠯᠵᠣ ᠪᠦᠬᠦ ᠤᠷᠤᠨ ᠤ ᠵᠠᠯᠠᠭᠤ ᠪᠠᠭᠠᠴᠤᠳ ᠤᠨ ᠰᠢᠨᠵᠢᠯᠡᠬᠦ | ᠤᠬᠠᠭᠠᠨ ᠤ ᠬᠦᠮᠦᠵᠢᠯ ᠤᠨ ᠠᠵᠢᠯᠯᠠᠭᠠᠨ ᠤ ᠳᠠᠭᠤᠷᠢᠶᠠᠯ ᠰᠤᠷᠭᠠᠭᠤᠯᠢ ᠪᠣᠯᠣᠭᠰᠠᠨ ᠪᠠᠶᠢᠨ᠎ᠠ᠃ | ᠬᠤᠰᠢᠭᠤ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ | ᠤᠶᠤᠨᠪᠠᠲᠤ᠄ ︽ᠲᠠᠷᠠᠭᠠᠴᠢ ᠪᠠᠷ ᠪᠢᠳᠠ ᠰᠤᠷᠭᠠᠭᠤᠯᠢ ᠶᠢᠨ ᠲᠠᠯ᠎ᠠ ᠠᠴᠠ ᠤᠯᠠᠨ ᠠᠷᠭ᠎ᠠ ᠠᠪᠴᠦ ᠡᠳ᠋ ᠪᠤᠳᠠᠰ᠂ ᠡᠯ᠎ᠡ | ᠲᠠᠯ᠎ᠠ ᠶᠢᠨ ᠤᠷᠤᠯᠭ᠎ᠠ ᠶᠢ ᠨᠡᠮᠡᠭᠳᠡᠭᠦᠯᠵᠦ ᠠᠵᠤ ᠠᠬᠤᠶᠢᠯᠠᠯᠲᠠᠨ ᠢᠶᠠᠷ ᠲᠡᠮᠵᠢᠭᠦᠯᠣᠨ ᠨᠡᠩ ᠦᠷᠭᠡᠨ ᠭᠡᠪᠴᠢᠶ᠎ᠡ ᠲᠠᠢ ᠬᠦᠷ | ᠬᠦᠭᠵᠢᠶᠡᠨᠲᠡᠢ ᠪᠠᠷ ᠬᠢᠬᠦ ᠰᠠᠨᠠᠭᠠᠲᠠᠢ᠃ ᠬᠡᠥᠬᠡᠳ ᠤᠨ ᠣᠷᠣᠯᠴᠠᠬᠤ ᠲᠤᠭ᠎ᠠ ᠶᠢ ᠤᠯᠠᠨ ᠪᠤᠯᠭᠠᠵᠤ ᠪᠠᠭᠰᠢ ᠠᠵᠢᠯᠲᠠᠨ᠂ ᠭᠡᠷ | ᠤᠨ ᠠᠬᠠᠮᠠᠳ ᠤᠨ ᠲᠤᠮᠳᠠ ᠶᠡᠭᠡ ᠪᠠᠷ ᠤᠷᠢᠶᠠᠯᠠᠵᠤ ᠰᠢᠨ᠎ᠡ ᠶᠢ ᠡᠭᠦᠳᠬᠦ ᠠᠵᠢᠯ ᠢ ᠨᠡᠩ ᠰᠠᠶᠢᠨ ᠬᠢᠶ᠎ᠠ ᠬᠡᠵᠦ ᠪᠤᠳᠤᠵᠤ | ᠪᠠᠶᠢᠨ᠎ᠠ︾ ᠭᠡᠪᠡ᠃ | ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠠᠴᠠ ᠨᠠᠰᠢ ᠮᠠᠨ ᠤ ᠬᠤᠰᠢᠭᠤᠨ ᠤ ᠡᠯ᠎ᠡ ᠳᠣᠮᠳᠡᠳᠣ ᠪᠠᠭ᠎ᠠ ᠰᠣᠷᠭᠠᠭᠤᠯᠢ | ᠨᠢ ᠬᠤᠰᠢᠭᠤ ᠰᠢᠨᠵᠢᠯᠡᠭᠡ ᠮᠡᠷᠭᠡᠵᠢᠯ ᠤᠨ ᠳᠦᠬᠡᠮᠡᠯᠵᠢᠬᠦᠯᠣᠯᠳᠡ ᠶᠢᠨ ᠨᠡᠶᠢᠬᠡᠮᠯᠢᠭ᠂ ᠰᠣᠷᠭᠠᠨ ᠬᠦᠮᠣᠵᠢᠯ ᠪᠠᠶ᠎ᠠ ᠲᠠᠮᠢᠷ ᠤᠨ | ᠳᠣᠪᠴᠢᠶ᠎ᠠ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠠᠪᠰᠣᠷᠣᠯᠭ᠎ᠠ ᠪᠠᠷ ᠪᠦᠬᠦ ᠬᠤᠰᠢᠭᠤᠨ ᠤ ᠵᠠᠯᠠᠭᠤᠴᠣᠣᠨ | ᠪᠠᠭᠠᠴᠣᠣᠨ ᠤᠨ ᠰᠢᠨᠵᠢᠯᠡᠬᠦ ᠣᠬᠠᠭᠠᠨ ᠤ ᠵᠢᠯᠣᠭᠤᠳᠣᠭᠴᠢ ᠪᠠᠭᠰᠢ ᠶᠢᠨ ᠪᠣᠯᠪᠠᠰᠣᠷᠠᠯ᠂ ᠰᠢᠨᠵᠢᠯᠡᠬᠦ ᠣᠬᠠᠭᠠᠨᠴᠢ ᠰᠢᠨ᠎ᠠ ᠶᠢ | ᠡᠭᠦᠳᠬᠦ ᠮᠦᠷᠣᠶᠢᠴᠡᠭᠡᠨ᠂ ᠳᠣᠮᠳᠡᠳᠣ ᠮᠣᠩᠭᠤᠯ ᠣᠷᠣᠰ ᠤᠨ ᠵᠠᠯᠠᠭᠤᠴᠣᠣᠨ ᠪᠠᠭᠠᠴᠣᠣᠨ ᠤᠨ ᠰᠢᠨᠵᠢᠯᠡᠬᠦ ᠣᠬᠠᠭᠠᠨ ᠤ | ᠣᠷᠡᠨ ᠰᠡᠳᠬᠢᠮᠵᠢ ᠵᠢᠷᠤᠭ ᠤᠨ ᠣᠷᠣᠯᠳᠣᠭᠠᠨ᠂ ᠰᠢᠨᠵᠢᠯᠡᠭᠡ ᠮᠡᠷᠭᠡᠵᠢᠯ ᠤᠨ ᠺᠡᠷᠲ᠋ᠣᠨ ᠨᠠᠶᠢᠷ᠂ ᠮᠠᠰᠢᠨ ᠬᠦᠮᠣᠨ ᠤ | ᠣᠷᠣᠯᠳᠣᠭᠠᠨ ᠵᠡᠷᠭᠡ ᠰᠣᠨᠢᠷᠬᠠᠯᠳᠣ ᠣᠷᠣᠯᠳᠣᠭᠠᠨ ᠮᠦᠷᠣᠶᠢᠴᠡᠭᠡᠨ ᠢ ᠡᠷᠬᠢᠯᠡᠨ ᠬᠢᠵᠣ ᠰᠢᠯᠭᠠᠷᠠᠭᠰᠠᠨ ᠪᠦᠳᠣᠭᠡᠯ ᠢ ᠣᠯᠣᠰ᠂ | ᠣᠷᠣᠨ᠂ ᠬᠤᠳᠠ ᠶᠢᠨ ᠣᠷᠣᠯᠳᠣᠭᠠᠨ ᠳᠤ ᠣᠷᠣᠯᠴᠠᠭᠤᠯᠣᠨ ᠰᠢᠯᠢᠳᠡᠭ ᠠᠮᠵᠢᠯᠳᠡ ᠣᠯᠣᠭᠰᠠᠨ ᠪᠠᠶᠢᠨ᠎ᠠ᠃ |