ᠰᠦᠯᠳᠡ ᠰᠤᠮᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠤᠬᠠᠭᠤᠯᠭ᠎ᠠ ᠪᠠᠨ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2019-07-01
     ᠮᠠᠨ ᠤ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠰᠦᠯᠳᠡ ᠰᠤᠮᠤᠨ ᠳᠠᠬᠢ ᠲᠤᠮᠢᠯᠠᠬᠰᠠᠨ ᠭᠠᠵᠠᠷ ᠤᠨ ᠬᠢᠨ ᠴᠠᠬᠳᠠᠭ᠎ᠠ ᠨᠠᠷ ᠢᠶᠠᠨ ᠵᠤᠬᠢᠶᠠᠨ ᠪᠠᠶᠢᠭᠤᠯᠤᠨ ᠱᠠᠷᠯᠢᠭ ᠭᠤᠤᠯᠳᠠᠯᠭᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠲᠤ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠠ      ᠲᠤᠰ ᠲᠤᠮᠢᠯᠠᠬᠰᠠᠨ ᠭᠠᠵᠠᠷ ᠤᠨ ᠴᠠᠬᠳᠠᠭ᠎ᠠ ᠤᠢᠢᠷ᠎ᠠ ᠶᠢᠨ ᠭᠡᠳᠤᠨ ᠵᠢᠯ ᠬᠠᠷ᠎ᠠ ᠪᠦᠯᠦᠭᠳᠡᠨ ᠬᠠᠷᠬᠢᠰ ᠬᠦᠴᠤᠨ ᠤ ᠬᠢᠭᠰᠡᠨ ᠶᠠᠯᠠᠳᠤ ᠭᠡᠷᠡᠭ ᠲᠠᠢ ᠤᠶᠠᠯᠳᠤᠭᠤᠯᠤᠨ ᠲᠤᠮᠳᠠᠳᠤ ᠪᠠᠭ᠎ᠠ ᠰᠤᠷᠭᠠᠭᠤᠯᠢ ᠶᠢᠨ ᠡᠳᠤᠷ ᠲᠤᠳᠤᠮ ᠤᠨ ᠠᠮᠢᠳᠤᠷᠠᠯ ᠰᠤᠷᠤᠯᠴᠠᠯᠭ᠎ᠠ ᠶᠢᠨ ᠵᠠᠩ ᠲᠠᠳᠬᠠᠯ ᠳᠤ ᠤᠢᠢᠷᠠᠳᠤᠭᠤᠯᠵᠤ ᠨᠠᠰᠤᠨ ᠳᠤ ᠦᠯᠦ ᠬᠦᠷᠦᠭᠰᠡᠳ ᠤᠨ ᠬᠤᠤᠷ ᠲᠠᠳᠠᠬᠰᠠᠨ ᠶᠠᠯᠠᠳᠤ ᠭᠡᠷᠡᠭ᠂ ᠭᠡᠷᠡᠭ ᠡᠳᠤᠵᠤ ᠤᠷᠰᠢᠭ ᠲᠠᠳᠠᠬᠰᠠᠨ ᠵᠡᠷᠭᠡ ᠬᠠᠷ᠎ᠠ ᠪᠦᠯᠦᠭᠳᠡᠨ ᠬᠠᠷᠬᠢᠰ ᠬᠦᠴᠤᠨ ᠤ ᠬᠠᠮᠢᠶ᠎ᠠ ᠲᠠᠢ ᠨᠡᠶᠢᠳᠡᠯᠢᠭ ᠭᠡᠷᠡᠭ ᠢ ᠰᠤᠩᠭᠤᠨ ᠵᠠᠳᠠᠯᠤᠯᠳᠠ ᠬᠢᠵᠤ ᠲᠠᠶᠢᠯᠪᠤᠷᠢᠯᠠᠨ᠂ ᠰᠤᠷᠤᠬᠴᠢᠳ ᠲᠤ ᠰᠤᠷᠭᠠᠭᠤᠯᠢ ᠶᠢᠨ ᠬᠦᠷᠢᠶᠠᠨ ᠳᠠᠬᠢ ᠬᠦᠴᠤᠷᠭᠡᠭᠯᠡᠯ ᠪᠤᠯᠤᠨ ᠰᠤᠷᠭᠠᠭᠤᠯᠢ ᠶᠢᠨ ᠭᠠᠳᠠᠨᠠᠬᠢ ᠬᠠᠷ᠎ᠠ ᠪᠦᠯᠦᠭᠳᠡᠨ ᠬᠠᠷᠬᠢᠰ ᠬᠦᠴᠤᠨ ᠢ ᠭᠡᠷᠬᠢᠨ ᠤᠬᠠᠭᠠᠯᠢᠭ ᠡᠷᠡᠯᠭᠡᠭ ᠪᠠᠭᠠᠳᠤᠷ ᠢᠶᠠᠷ ᠠᠷᠭᠠᠴᠠᠭᠠᠬᠤ ᠲᠤᠬᠠᠢ ᠤᠢᠢᠯᠠᠭᠠᠭᠤᠯᠬᠤ ᠶᠢᠨ ᠬᠠᠮᠳᠤ ᠪᠠᠶ᠎ᠠ ᠪᠠᠨ ᠬᠠᠮᠠᠭᠠᠯᠠᠬᠤ ᠴᠢᠳᠠᠪᠤᠷᠢ ᠶᠢ ᠡᠵᠡᠮᠰᠢᠬᠦᠯᠦᠭᠰᠡᠨ ᠪᠠᠶᠢᠨ᠎ᠠ᠃      ᠰᠤᠷᠤᠬᠴᠢᠳ ᠪᠤᠯᠪᠠᠰᠤᠷᠠᠯ ᠢᠶᠠᠷ ᠲᠡᠮᠵᠢᠨ ᠬᠠᠷ᠎ᠠ ᠪᠦᠯᠦᠭᠳᠡᠨ ᠬᠠᠷᠬᠢᠰ ᠬᠦᠴᠤᠳᠠᠨ ᠲᠤᠭᠢᠶᠠᠯᠳᠤᠬᠰᠠᠨ ᠦᠶᠡᠰ ᠰᠠᠨᠠᠭᠠᠴᠢᠯᠠᠭ᠎ᠠ ᠠᠴᠠ ᠪᠠᠨ ᠪᠠᠭᠰᠢ᠂ ᠭᠡᠷ ᠤᠨ ᠠᠬᠠᠮᠠᠳ ᠪᠤᠯᠤᠨ ᠲᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠲᠤ ᠢᠯᠡᠴᠢᠯᠡᠨ ᠮᠡᠳᠡᠬᠦᠯᠬᠦ ᠶᠢ ᠤᠬᠠᠭᠠᠷᠠᠵᠤ ᠮᠡᠳᠡᠭᠰᠡᠨ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号