ᠠᠷᠬᠠᠭ ᠢ ᠠᠷᠢᠯᠭᠠᠭᠴᠢ ᠠᠴᠢᠳᠠᠨ
ᠨᠡᠶᠢᠲᠡᠯᠡᠭᠰᠡᠨ ᠴᠠᠭ᠄
2019-07-01
    — ᠪᠠᠭᠠᠳᠤᠷ ᠡᠮᠴᠢ ᠶᠢᠨ ᠥᠢᠯᠠ ᠠᠵᠢᠯᠯᠠᠭ᠎ᠠ ᠶᠢ ᠲᠡᠮᠲᠡᠭᠯᠡᠪᠡ      ᠡᠮᠴᠢ ᠬᠦᠮᠦᠨ ᠶᠡᠷᠦᠨᠢ ᠦᠷ᠎ᠡ ᠶᠢᠨ ᠢᠶᠠᠨ ᠲᠦᠯᠦᠭᠡ ᠵᠢᠳᠬᠦᠵᠦ ᠶᠠᠪᠤᠳᠠᠭ ᠡᠵᠢ ᠠᠪᠤ ᠲᠠᠢ ᠠᠳᠠᠯᠢᠬᠠᠨ ᠡᠪᠡᠳᠴᠢᠲᠡᠨ ᠤ ᠲᠦᠯᠦᠭᠡ ᠦᠪᠡᠷ ᠤᠨ ᠠᠯᠢᠪᠠ ᠪᠠᠨ ᠬᠠᠶᠢᠬᠤᠷᠤᠯ ᠦᠭᠡᠢ ᠵᠤᠷᠢᠭᠤᠯᠵᠤ᠂ ᠡᠮᠴᠢᠯᠡᠭᠡᠨ ᠤ ᠥᠨᠳᠥᠷ ᠮᠡᠷᠭᠡᠵᠢᠯ᠂ ᠡᠶᠡᠯᠰᠡᠭ ᠲᠤᠳᠤᠨᠤ ᠵᠠᠩ ᠢᠶᠠᠷ ᠢᠶᠠᠨ ᠡᠪᠡᠳᠴᠢᠲᠡᠨ ᠳᠤ ᠬᠠᠨᠳᠤᠨ ᠬᠥᠩᠭᠡᠨ ᠱᠠᠯᠠᠮᠠᠭᠠᠢ ᠠᠵᠢᠯᠯᠠᠵᠤ ᠪᠠᠶᠢᠳᠠᠭ ᠨᠢ ᠪᠢᠰᠢᠷᠡᠭᠦᠰᠢᠲᠠᠢ ᠮᠥᠷᠳᠡᠭᠡᠨ ᠮᠠᠭᠲᠠᠭᠤᠰᠢᠲᠠᠢ᠃
     ᠪᠢᠷᠴᠢᠨ ᠦᠦᠰᠢᠨ ᠬᠤᠰᠢᠭᠤᠨ ᠤ ᠮᠤᠩᠭᠤᠯ ᠡᠮ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠤᠶᠠᠳᠤᠭᠠᠷ ᠲᠠᠪᠬᠤᠷᠭ᠎ᠠ ᠳᠠᠬᠢ ︽ᠣᠷᠳᠣᠰ ᠬᠤᠳᠠ ᠶᠢᠨ ᠨᠡᠷᠡᠲᠤ ᠮᠤᠩᠭᠤᠯ ᠡᠮᠴᠢ ᠪᠠᠭᠠᠳᠤᠷ ᠤᠨ ᠡᠷᠳᠡᠮ ᠰᠢᠨᠵᠢᠯᠡᠭᠡᠨ ᠤ ᠲᠤᠷᠰᠢᠯᠭ᠎ᠠ ᠤᠯᠠᠮᠵᠢᠯᠠᠨ ᠵᠠᠯᠭᠠᠮᠵᠢᠯᠠᠬᠤ ᠠᠵᠢᠯ ᠤᠨ ᠲᠠᠰᠤᠭ︾ ᠢ ᠡᠷᠢᠭᠡᠳ ᠬᠦᠷᠬᠦ ᠳᠤ ᠬᠦᠮᠦᠰ ᠤᠨ ᠰᠢᠬᠠᠯᠳᠤᠭᠠᠨ ᠤ ᠲᠤᠮᠳᠠ ᠡᠶᠡᠯᠳᠡᠭ ᠵᠥᠭᠡᠯᠡᠨ ᠢᠶᠠᠷ ᠡᠪᠡᠳᠴᠢᠨ ᠦᠵᠡᠵᠦ ᠪᠠᠶᠢᠭ᠎ᠠ ᠪᠠᠭᠠᠲᠤᠷ ᠡᠮᠴᠢ ᠲᠠᠢ ᠤᠴᠠᠷᠠᠵᠤ ᠪᠢᠯᠡ᠃ ᠥᠷᠥᠴᠡ ᠴᠡᠭᠡᠵᠢᠨ ᠳᠡᠭᠡᠨ ᠦᠢ ᠤᠯᠠᠨ ᠡᠪᠡᠳᠴᠢᠲᠡᠨ ᠢ ᠪᠤᠳᠤᠵᠤ᠂ ᠦᠨᠳᠦᠰᠤᠲᠡᠨ ᠤ ᠡᠮ ᠡᠮᠨᠡᠯᠭᠡ ᠶᠢᠨ ᠦᠢᠯᠡᠰ ᠲᠤ ᠦᠪᠡᠷ ᠤᠨ ᠠᠪᠢᠶᠠᠰ ᠴᠢᠳᠠᠪᠤᠷᠢ ᠪᠠᠨ ᠬᠠᠷᠠᠮ ᠦᠭᠡᠢ ᠵᠤᠷᠢᠭᠤᠯᠤᠨ ᠶᠠᠪᠤᠭ᠎ᠠ ᠪᠠᠭᠠᠲᠤᠷ ᠡᠮᠴᠢ 1960 ᠣᠨ ᠤ 10 ᠰᠠᠷ᠎ᠠ ᠶᠢᠨ 27 ᠤ ᠡᠳᠦᠷ ᠦᠦᠰᠢᠨ ᠬᠤᠰᠢᠭᠤᠨ ᠤ ᠰᠦᠯᠳᠡ ᠰᠤᠮᠤᠨ ᠤ ᠱᠠᠷᠯᠢᠭ ᠭᠠᠴᠠᠭᠠᠨ ᠳᠤ ᠲᠦᠷᠦᠵᠦ᠂ ᠨᠠᠢᠮᠠᠨ ᠨᠠᠰᠤᠨ ᠠᠴᠠ ᠪᠠᠨ ᠰᠤᠷᠭᠠᠭᠤᠯᠢ ᠰᠤᠶᠤᠯ ᠤᠨ ᠮᠦᠷ ᠬᠠᠶᠢᠵᠠᠢ᠃ 1978 ᠣᠨ ᠤ ᠨᠠᠮᠤᠷ ᠦᠪᠦᠷ ᠮᠤᠩᠭᠤᠯ ᠤᠨ ᠡᠮᠨᠡᠯᠭᠡ ᠶᠢᠨ ᠲᠡᠭᠡᠳᠦ ᠰᠤᠷᠭᠠᠭᠤᠯᠢ ᠶᠢᠨ ᠮᠤᠩᠭᠤᠯ ᠡᠮᠨᠡᠯᠭᠡ ᠶᠢᠨ ᠰᠠᠯᠪᠦᠷᠢ ᠶᠢᠨ ᠵᠢᠩᠬᠢᠨᠢ ᠠᠩᠭᠢ ᠳᠤ ᠦᠨᠳᠦᠷ ᠬᠢᠷᠢ ᠪᠦᠳᠦᠮᠵᠢ ᠪᠠᠷ ᠰᠢᠯᠭᠠᠭᠳᠠᠨ ᠤᠷᠤᠭᠰᠠᠨ ᠲᠡᠷᠡ ᠮᠤᠩᠭᠤᠯ ᠡᠮ ᠡᠮᠨᠡᠯᠭᠡ ᠶᠢᠨ ᠤᠨᠤᠯ ᠢ ᠰᠢᠰᠲ᠋ᠧᠮ ᠲᠠᠢ ᠰᠢᠮᠳᠡᠨ ᠰᠤᠷᠤᠯᠴᠠᠭᠠᠳ᠂ 1983 ᠣᠨ ᠤ ᠵᠤᠨ ᠤᠶᠤᠲᠠᠨ ᠴᠣᠯᠠ ᠪᠠᠨ ᠬᠠᠮᠠᠭᠠᠯᠠᠨ ᠰᠢᠯᠢᠳᠡᠭ ᠬᠢᠷᠢ ᠪᠦᠳᠦᠮᠵᠢ ᠪᠠᠷ ᠰᠤᠷᠭᠠᠭᠤᠯᠢ ᠪᠠᠨ ᠲᠡᠭᠦᠰᠬᠡᠭᠡᠳ᠂ ᠦᠰᠴᠤ ᠲᠥᠷᠥᠭᠰᠡᠨ ᠥᠯᠥᠭᠡᠢ ᠦᠦᠰᠢᠨ ᠨᠤᠲᠤᠭ ᠲᠠᠭᠠᠨ ᠣᠯᠵᠠ ᠣᠮᠤᠭ ᠲᠠᠢ ᠪᠤᠴᠠᠨ ᠢᠷᠡᠵᠦ ᠬᠤᠰᠢᠭᠤᠨ ᠤ ᠪᠠᠨ ᠮᠤᠩᠭᠤᠯ ᠡᠮᠨᠡᠯᠭᠡ ᠶᠢᠨ ᠬᠤᠷᠢᠶᠠᠨ ᠳᠤ ᠠᠵᠢᠯ ᠤᠨ ᠬᠤᠪᠢᠶᠠᠷᠢ ᠠᠪᠤᠭᠰᠠᠨ ᠪᠠᠶᠢᠨ᠎ᠠ᠃ ᠢᠡᠭᠭᠢᠭᠡᠳ ᠲᠡᠷᠡ ᠡᠮᠴᠢ ᠶᠢᠨ ᠠᠵᠢᠯ ᠢ ᠬᠢᠭᠡᠳ ᠤᠷᠤᠯᠳᠤᠯᠭ᠎ᠠ ᠲᠠᠢ᠂ ᠰᠤᠳᠤᠯᠭ᠎ᠠ ᠲᠠᠢ᠂ ᠠᠮᠵᠢᠯᠲᠠ ᠲᠠᠢ ᠳᠥᠴᠢᠭᠡᠳ ᠵᠢᠯ ᠢ ᠦᠩᠭᠡᠷᠡᠭᠦᠯᠵᠡᠢ᠃      ᠪᠠᠭᠠᠲᠤᠷ ᠡᠮᠴᠢ ᠠᠷᠠᠳ ᠤᠯᠠᠨ ᠤ ᠲᠥᠯᠥᠭᠡ ᠠᠷᠠᠯ ᠤᠨ ᠱᠠᠷ ᠰᠢᠭ᠋ ᠵᠢᠳᠭᠦᠵᠤ᠂ ᠡᠪᠡᠳᠴᠢᠲᠠᠢ ᠬᠥᠮᠥᠨ ᠳᠤ ᠥᠪᠡᠷ ᠤᠨ ᠳᠤᠳᠤᠨᠤ ᠬᠥᠮᠥᠨ ᠲᠠᠢ ᠪᠠᠨ ᠠᠳᠠᠯᠢ ᠬᠠᠨᠳᠤᠨ᠂ ᠡᠳᠣᠷ ᠲᠤ ᠬᠡᠳᠤᠨ ᠠᠷᠪᠠᠨ ᠬᠦᠮᠦᠨ ᠤ ᠡᠪᠡᠳᠴᠢᠨ ᠢ ᠥᠵᠡᠲᠡᠭ᠃ ᠡᠷᠡᠭᠦᠯᠵᠢᠯᠡᠯᠲᠡ ᠶᠢᠨ ᠨᠣᠷᠮ᠎ᠠ ᠴᠦ ᠥᠨᠳᠣᠷ ᠪᠠᠶᠢᠳᠠᠭ ᠢᠶᠠᠷ ᠥᠪᠥᠷ ᠮᠤᠩᠭᠤᠯᠴᠤᠳ ᠠᠴᠠ ᠭᠠᠳᠠᠨ᠎ᠠ ᠱᠠᠨᠰᠢ᠂ ᠱᠠᠨ ᠰᠢ᠂ ᠱᠠᠨᠳᠦ᠋ᠩ᠂ ᠭᠥᠬᠡᠨᠠᠭᠤᠷ᠂ ᠭᠠᠨᠰᠤ᠂ ᠯᠠᠨᠵᠧᠦ᠂ ᠨᠢᠩᠰᠢᠶᠠ ᠵᠡᠷᠭᠡ ᠭᠠᠵᠠᠷ ᠤᠨ ᠬᠦᠮᠥᠰ ᠴᠤ ᠡᠷᠢᠵᠤ ᠢᠷᠡᠭᠦ ᠨᠢ ᠤᠯᠠᠰᠢᠷᠠᠵᠠᠢ᠃ ᠤᠯᠠᠨ ᠠᠷᠪᠢᠨ ᠡᠪᠡᠳᠴᠢᠲᠡᠨ ᠤ ᠳᠤᠮᠳᠠ ᠠᠴᠠ ᠵᠢᠱᠢᠶᠡᠯᠡᠵᠦ ᠬᠡᠯᠡᠪᠡᠯ ᠨᠢᠩᠰᠢᠶᠠ ᠶᠢᠨ ᠢᠷᠭᠠᠢ ᠬᠤᠲᠠ ᠶᠢᠨ ᠮᠠ ᠢ ᠵᠠᠩ ᠴᠢᠰᠤ ᠳᠣᠲᠠᠬᠤ ᠡᠪᠡᠳᠴᠢᠨ ᠳᠤ ᠨᠡᠷᠪᠡᠭᠳᠡᠭᠡᠳ ᠪᠡᠭᠡᠵᠢᠩ᠂ ᠲᠢᠶᠡᠨᠵᠢᠨ᠂ ᠯᠠᠨᠵᠧᠦ ᠵᠡᠷᠭᠡ ᠭᠠᠵᠠᠷ ᠢᠶᠠᠷ ᠡᠮᠨᠡᠭᠦᠯᠦᠭᠡᠳ ᠡᠪᠡᠳᠴᠢᠨ ᠨᠢ ᠢᠯᠡᠷᠬᠡᠢ ᠪᠤᠯᠤᠭᠰᠠᠨ ᠥᠭᠡᠢ ᠮᠥᠷᠲᠡᠭᠡᠨ ᠵᠤᠭᠤᠰ ᠮᠥᠩᠭᠦ ᠪᠠᠨ ᠰᠢᠪᠬᠠᠵᠤ ᠪᠠᠷᠠᠭᠠᠳ ᠭᠡᠷ ᠲᠡᠭᠡᠨ ᠬᠠᠷᠢᠵᠤ ᠢᠷᠡᠭᠰᠡᠨ ᠤ ᠳᠠᠷᠠᠭ᠎ᠠ ᠡᠪᠡᠳᠴᠢᠨ ᠨᠢ ᠬᠥᠨᠳᠤᠷᠡᠵᠦ ᠂ ᠤᠶᠢᠷ᠎ᠠ ᠬᠠᠪᠢ ᠶᠢᠨ ᠡᠮᠨᠡᠯᠭᠡ ᠳᠤ ᠰᠠᠷ᠎ᠠ ᠪᠤᠯᠭᠠᠨ ᠴᠢᠰᠤ ᠶᠡᠭᠦᠯᠡᠵᠤ ᠠᠷᠭᠠᠴᠠᠵᠤ ᠪᠠᠶᠢᠯ᠎ᠠ᠃ 2016 ᠤᠨ ᠤ 4 ᠰᠠᠷ᠎ᠠ ᠳᠤ ᠪᠤᠰᠤᠳ ᠤᠨ ᠲᠠᠨᠢᠯᠴᠠᠭᠤᠯᠭ᠎ᠠ ᠪᠠᠷ ᠥᠥᠰᠢᠨ ᠬᠤᠰᠢᠭᠤ ᠶᠢ ᠵᠤᠷᠢᠨ ᠪᠠᠭᠠᠲᠣᠷ ᠡᠮᠴᠢ ᠪᠠᠷ ᠡᠮᠨᠡᠭᠦᠯᠪᠡ᠃ ᠲᠤᠬᠠᠢ ᠶᠢᠨ ᠥᠶ᠎ᠡ ᠳᠤ ᠡᠪᠡᠳᠴᠢᠲᠡᠨ ᠴᠤᠭ ᠰᠥᠯᠳᠡ ᠪᠠᠭᠤᠷᠠᠨ᠂ ᠨᠢᠭᠤᠷ ᠴᠢᠷᠠᠢ ᠨᠢ ᠬᠤᠨᠭ᠍ᠭᠢᠢᠨ ᠴᠠᠶᠢᠷᠠᠵᠤ᠂ ᠠᠮᠢᠰᠬᠤᠯ ᠴᠢᠬᠤᠯᠳᠠᠨ ᠶᠠᠪᠤᠵᠤ ᠰᠠᠭᠤᠬᠤ ᠢᠳᠡᠵᠤ ᠤᠤᠭᠤᠬᠤ ᠨᠢ ᠲᠤᠩ ᠮᠠᠭᠤ ᠪᠠᠶᠢᠪᠠ᠃ ᠪᠠᠭᠠᠲᠤᠷ ᠡᠮᠴᠢ ᠲᠤᠰ ᠡᠪᠡᠳᠴᠢᠲᠡᠨ ᠢ ᠴᠢᠰᠤ ᠪᠠᠷᠠᠭᠳᠠᠬᠤ ᠡᠪᠡᠳᠴᠢᠨ᠂ ᠵᠢᠷᠣᠬᠡᠨ ᠲᠠᠮᠢᠷ ᠤᠨ ᠳᠣᠷᠦ᠋ᠢᠲᠠᠯ᠂ ᠴᠡᠭᠡᠵᠢᠨ ᠳᠤ ᠣᠰᠣ ᠬᠤᠷᠠᠭᠰᠠᠨ ᠬᠡᠮ ᠢᠶᠠᠷ ᠤᠨᠤᠰᠢᠯᠠᠵᠤ᠂ ᠴᠢᠰᠤ ᠲᠥᠯᠵᠢᠭᠦᠯᠬᠦ᠂ ᠵᠢᠷᠤᠬᠡᠨ ᠲᠠᠮᠢᠷ ᠢ ᠰᠠᠶᠢᠵᠢᠷᠠᠭᠤᠯᠬᠤ᠂ ᠮᠠᠬᠠᠪᠤᠳ ᠢ ᠲᠡᠭᠰᠢᠳᠭᠡᠬᠦ ᠪᠠᠷ ᠭᠤᠤᠯ ᠪᠤᠯᠭᠠᠨ ᠮᠤᠩᠭᠤᠯ ᠡᠮ᠂ ᠭᠤᠷᠪᠠᠨ ᠶᠠᠰᠤᠨ ᠤ ᠱᠥᠯᠥ ᠪᠠ ᠲᠠᠪᠤᠨ ᠥᠨᠳᠤᠰᠤᠨ ᠳᠤᠰᠤᠨ ᠡᠮ ᠢ ᠢᠳᠡᠭᠦᠯᠵᠦ ᠰᠡᠳᠭᠡᠯ ᠰᠠᠨᠠᠭ᠎ᠠ ᠶᠢ ᠨᠢ ᠲᠠᠶᠢᠪᠤᠰᠢᠷᠠᠭᠤᠯᠬᠤ ᠵᠡᠷᠭᠡ ᠵᠠᠰᠠᠯ ᠢᠶᠠᠷ ᠡᠮᠴᠢᠯᠡᠭᠡᠳ ᠡᠪᠡᠳᠴᠢᠲᠡᠨ ᠪᠦᠷᠢᠮᠤᠰᠤᠨ ᠡᠳᠡᠭᠡᠷᠡᠵᠦ᠂ ᠤᠳᠤ ᠠᠵᠢᠯ ᠳᠠᠭᠠᠨ ᠬᠢᠯᠠᠷᠠᠭᠤᠯᠵᠤ ᠪᠤᠢ᠃ ᠥᠥᠰᠢᠨ ᠬᠤᠰᠢᠭᠤᠨ ᠤ ᠮᠠᠯᠴᠢᠨ ᠡᠵᠡᠩᠨᠡᠭᠴᠢ ᠥᠶ᠎ᠡ ᠭᠡᠰᠢᠭᠦᠦ ᠶᠢᠨ ᠡᠪᠡᠳᠴᠢᠨ᠂ ᠬᠥᠯ ᠨᠢᠷᠤᠭᠤᠨ ᠤ ᠮᠢᠨᠴᠡᠭᠦᠷᠡᠯ ᠤᠨ ᠡᠪᠡᠳᠴᠢᠨ ᠤᠷᠤᠭᠠᠳ ᠭᠤᠴᠢᠨ ᠬᠡᠳᠤᠨ ᠵᠢᠯ ᠪᠤᠯᠵᠤ᠂ ᠤᠷᠤᠨ ᠤ ᠳᠣᠲᠣᠷ᠎ᠠ ᠭᠠᠳᠠᠨᠠᠬᠢ ᠶᠡᠭᠡ ᠡᠮᠨᠡᠯᠭᠡ ᠪᠠᠷ ᠬᠥᠷᠴᠥ ᠵᠠᠰᠠᠭᠤᠯᠤᠭᠰᠠᠨ ᠪᠤᠯᠪᠠᠴᠤ ᠢᠯᠡᠷᠬᠡᠢ ᠳᠣᠰᠬᠠᠯ ᠭᠠᠷᠤᠭᠰᠠᠨ ᠥᠭᠡᠢ ᠳᠤ ᠮᠥᠨ ᠪᠠᠭᠠᠲᠤᠷ ᠡᠮᠴᠢ ᠪᠠᠷ ᠡᠮᠨᠡᠭᠦᠯᠥᠭᠡᠳ ᠡᠪᠡᠳᠴᠢᠨ ᠨᠢ ᠡᠳᠡᠭᠡᠷᠡᠵᠤ ᠣᠳᠣ ᠠᠵᠢᠯ ᠬᠥᠳᠡᠯᠮᠤᠷᠢ ᠬᠢᠵᠤ ᠪᠠᠶᠢᠨ᠎ᠠ᠃ ᠤᠳᠠᠭᠠᠨ ᠵᠢᠯ ᠤᠨ ᠳᠤᠷᠰᠢ᠂ ᠪᠠᠭᠠᠲᠤᠷ ᠡᠮᠴᠢ ᠦᠪᠡᠷ ᠤᠨ ᠠᠪᠢᠶᠠᠰ ᠴᠢᠳᠠᠪᠦᠷᠢ ᠪᠠᠨ ᠪᠠᠳᠠᠷᠠᠭᠤᠯᠤᠨ᠂ ᠶᠠᠷᠰᠢᠭ ᠲᠦᠪᠡᠭᠲᠡᠢ ᠵᠠᠰᠠᠯᠭ᠎ᠠ ᠠᠪᠬᠤ ᠳᠤ ᠪᠡᠷᠬᠡᠲᠡᠢ ᠪᠤᠶᠤ ᠵᠠᠰᠠᠯᠭ᠎ᠠ ᠮᠤᠬᠤᠷᠳᠠᠭᠰᠠᠨ ᠲᠤᠳᠤᠷ ᠡᠪᠡᠳᠴᠢᠨ᠂ ᠰᠠ ᠡᠪᠡᠳᠴᠢᠨ᠂ ᠡᠮᠡᠭᠲᠠᠶᠢᠴᠦᠳ ᠨᠢᠯᠬᠠᠰ ᠤᠨ ᠡᠪᠡᠳᠴᠢᠨ᠂ ᠬᠡᠢ ᠴᠢᠰᠦᠨ ᠬᠦᠭᠡᠷᠦᠯᠲᠡ᠂ ᠦᠶ᠎ᠡ ᠭᠡᠰᠢᠭᠦᠨ ᠰᠢᠷ᠎ᠠ ᠤᠰᠤᠨ ᠡᠪᠡᠳᠴᠢᠨ᠂ ᠲᠤᠯᠠᠢ ᠭᠡᠷᠥᠯᠭᠡ᠂ ᠰᠢᠬᠢᠷ ᠰᠢᠵᠢᠩ ᠡᠪᠡᠳᠴᠢᠨ᠂ ᠬᠠᠮᠠᠷ ᠤᠨ ᠶᠠᠮ᠎ᠠ᠂ ᠬᠡᠢ ᠴᠢᠰᠤ ᠪᠠᠷ ᠲᠤᠯᠤᠭᠠᠢ ᠡᠪᠡᠳᠬᠦ ᠵᠡᠷᠭᠡ ᠡᠪᠡᠳᠴᠢᠨ ᠢ ᠰᠤᠳᠤᠯᠤᠨ ᠡᠮᠴᠢᠯᠡᠭᠡᠳ ᠥᠪᠡᠷᠮᠢᠴᠡ ᠤᠨᠴᠠᠯᠢᠭ ᠪᠦᠬᠦᠢ ᠭᠠᠷ ᠠᠪᠤᠯᠭ᠎ᠠ ᠲᠠᠢ ᠪᠣᠯᠵᠤ᠂ ᠤᠯᠠᠨ ᠤᠯᠠᠨ ᠡᠪᠡᠳᠴᠢᠲᠡᠨ ᠢ ᠡᠮᠴᠢᠯᠡᠨ ᠡᠳᠡᠭᠡᠷᠡᠭᠦᠯᠵᠦ᠂ ᠮᠤᠩᠭᠤᠯ ᠡᠮ ᠡᠮᠨᠡᠯᠭᠡ ᠶᠢᠨ ᠦᠢᠯᠡᠰ ᠲᠤ ᠦᠪᠡᠷ ᠤᠨ ᠨᠡᠮᠡᠷᠢ ᠬᠠᠨᠳᠢᠪ ᠢᠶᠠᠨ ᠡᠷᠭᠦᠵᠦ ᠶᠡᠪᠤᠨ᠎ᠠ᠃
     ᠰᠢᠷᠭᠠᠭᠤ ᠴᠢᠷᠮᠠᠶᠢᠯᠭ᠎ᠠ᠂ ᠴᠥᠭᠦᠷᠡᠯ ᠥᠭᠡᠢ ᠰᠤᠷᠤᠯᠴᠠᠯᠭ᠎ᠠ᠂ ᠡᠶᠡᠯᠳᠡᠭ ᠲᠤᠳᠤᠨᠤ ᠵᠠᠩ ᠠᠭᠠᠯᠢ ᠠᠴᠠ ᠡᠷᠳᠡᠮ ᠴᠢᠳᠠᠪᠤᠷᠢ ᠶᠢᠨ ᠠᠮᠵᠢᠯᠲᠠ ᠪᠦᠳᠦᠭᠡᠯ ᠤᠨ ᠲᠠᠭᠤᠨ ᠴᠤᠤᠷᠢᠶᠠᠳᠤᠨ᠎ᠠ᠃ ᠪᠠᠭᠠᠲᠤᠷ ᠡᠮᠴᠢ ᠦᠦᠰᠢᠨ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶᠠᠨ ᠤ ᠡᠷᠬᠢᠯᠡᠭᠴᠢ ᠡᠮᠴᠢ᠂ ᠣᠷᠳᠣᠰ ᠬᠤᠳᠠ ᠶᠢᠨ ᠠᠯᠳᠠᠷᠲᠤ ᠡᠮᠴᠢ᠂ ᠥᠪᠥᠷ ᠮᠣᠩᠭᠤᠯ ᠤᠨ ᠥᠪᠡᠷᠳᠡᠭᠡᠨ ᠵᠠᠰᠠᠬᠤ ᠤᠷᠤᠨ ᠤ ᠥᠨᠳᠥᠰᠥᠨ ᠱᠠᠲᠤᠨ ᠤ ᠨᠡᠷᠡᠲᠤ ᠮᠣᠩᠭᠤᠯ ᠡᠮᠴᠢ ᠮᠥᠷᠲᠡᠭᠡᠨ ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠮᠤᠩᠭᠤᠯ ᠬᠢᠲᠠᠳ ᠠᠬᠠᠮᠠᠳ ᠡᠮᠴᠢ ᠲᠤᠰᠬᠠᠢ ᠮᠡᠷᠭᠡᠵᠢᠯᠲᠡᠨ ᠤ ᠠᠩᠬᠠᠳᠤᠭᠠᠷ᠂ ᠬᠤᠶᠠᠳᠤᠭᠠᠷ ᠤᠳᠠᠭᠠᠨ ᠤ ᠡᠷᠳᠡᠮ ᠰᠢᠨᠵᠢᠯᠡᠭᠡᠨ ᠤ ᠲᠤᠷᠰᠢᠯᠭ᠎ᠠ ᠶᠢ ᠤᠯᠠᠮᠵᠢᠯᠠᠨ ᠵᠠᠯᠭᠠᠮᠵᠢᠯᠠᠬᠤ ᠠᠵᠢᠯ ᠤᠨ ᠵᠢᠯᠤᠭᠤᠳᠤᠬᠴᠢ ᠪᠠᠭᠰᠢ ᠪᠣᠯᠪᠠ᠃ ᠢᠷᠠᠭᠤ ᠠᠯᠳᠠᠷ ᠭᠡᠵᠢᠶᠡᠳᠡ ᠰᠢᠷᠭᠠᠭᠤ ᠠᠵᠢᠯᠯᠠᠭᠰᠠᠨ ᠤ ᠬᠢ ᠪᠠᠶᠢᠬᠤ ᠶᠤᠰᠤᠲᠠᠢ᠃ ᠪᠠᠭᠠᠳᠤᠷ ᠡᠮᠴᠢ ᠤᠷᠢᠳ ᠬᠤᠵᠢᠳ ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠪᠠᠶᠢᠭᠤᠯᠭ᠎ᠠ ᠨᠢᠭᠡᠴᠢ ᠠᠴᠠ ᠤᠯᠭᠤᠭᠰᠠᠨ ᠠᠵᠢᠯ ᠤᠨ ᠬᠢᠷᠢ ᠬᠡᠮ ᠤᠨ ᠥᠨᠡᠮᠯᠡᠯ ᠪᠤᠯᠤᠨ ᠱᠠᠩᠨᠠᠯ ᠭᠦᠬᠢᠭᠦᠯᠥᠯ ᠢ ᠤᠯᠠᠨᠲᠠ ᠳᠣᠰᠴᠤ᠂ ᠮᠤᠩᠭᠤᠯ ᠡᠷ᠎ᠡ ᠶᠢᠨ ᠬᠡᠶᠢᠮᠤᠷᠢ ᠶᠢ ᠪᠠᠳᠠᠷᠠᠭᠤᠯᠵᠤ ᠶᠠᠪᠤᠨ᠎ᠠ᠃      ᠪᠠᠭᠠᠲᠤᠷ ᠡᠮᠴᠢ ᠠᠵᠢᠯ ᠶᠠᠭᠠᠷᠠᠤ ᠪᠤᠯᠬᠤ ᠳᠤᠲᠤᠮ ᠥᠪᠡᠷ ᠢ ᠪᠠᠨ ᠴᠢᠩᠭ᠎ᠠ ᠱᠠᠭᠠᠷᠳᠠᠨ᠂ ᠠᠵᠢᠯ ᠤᠨ ᠴᠢᠯᠥᠭᠡ ᠵᠠᠪ ᠢᠶᠠᠷ ᠢᠶᠠᠨ ᠤᠷᠢᠳ ᠬᠤᠵᠢᠳ ︽ᠬᠤᠳᠣᠭᠤᠳᠤ ᠭᠡᠳᠡᠰᠦᠨ ᠤ ᠪᠣᠷᠣ ᠡᠪᠡᠳᠴᠢᠨ ᠤ ᠲᠤᠬᠠᠢ ᠡᠮᠴᠢᠯᠡᠭᠡ︾᠂ ︽ᠮᠤᠩᠭᠤᠯ ᠡᠮ ᠢᠶᠠᠷ ᠬᠠᠷᠰᠢᠮᠠᠳᠠᠭᠠᠢ ᠴᠢᠨᠠᠷᠲᠠᠢ ᠪᠤᠷᠤ ᠲᠤᠯᠪᠤᠳᠤ ᠡᠪᠡᠳᠴᠢᠨ ᠢ ᠵᠠᠰᠠᠭᠰᠠᠨ ᠤᠶᠢᠯᠠᠭᠠᠯᠲᠠ︾᠂ ︽ᠨᠦᠢᠷ ᠤᠨ ᠪᠣᠯᠴᠢᠷᠬᠠᠢ ᠶᠢᠨ ᠲᠤᠬᠠᠢ ᠮᠦᠴᠢᠳ ᠦᠭᠦᠯᠡᠭᠦᠢ︾᠂ ︽ᠬᠡᠢ ᠴᠢᠰᠤᠨ ᠬᠦᠭᠡᠷᠦᠯᠲᠡ ᠶᠢᠨ ᠲᠤᠬᠠᠢ ᠦᠭᠦᠯᠡᠬᠦᠢ︾᠂ ︽ᠦᠶ᠎ᠡ ᠭᠡᠰᠢᠭᠦᠤ ᠰᠢᠷ᠎ᠠ ᠤᠰᠤᠨ ᠡᠪᠡᠳᠴᠢᠨ ᠤ ᠡᠮᠴᠢᠯᠡᠭᠡ︾ ᠵᠡᠷᠭᠡ 10 ᠭᠠᠷᠣᠢ ᠦᠭᠦᠯᠡᠯ ᠢᠶᠠᠨ ︽ᠮᠤᠩᠭᠤᠯ ᠡᠮ ᠡᠮᠨᠡᠯᠭᠡ︾᠂ ︽ᠦᠨᠳᠦᠰᠦᠲᠡᠨ ᠤ ᠡᠮ ᠡᠮᠨᠡᠯᠭᠡ︾᠂ ︽ᠲᠤᠮᠳᠠᠳᠤ ᠤᠯᠤᠰ ᠤᠨ ᠮᠤᠩᠭᠤᠯ ᠡᠮ ᠡᠮᠨᠡᠯᠭᠡ︾ ᠵᠡᠷᠭᠡ ᠤᠷᠤᠨ ᠪᠠ ᠤᠯᠤᠰ ᠤᠨ ᠲᠡᠰ ᠤᠨ ᠰᠡᠳᠭᠦᠯ ᠤᠳ ᠲᠤ ᠨᠡᠶᠢᠲᠡᠯᠡᠭᠦᠯᠵᠦ᠂ ᠤᠯᠠᠨᠲᠠ ᠱᠠᠩᠨᠠᠯ ᠬᠦᠬᠢᠭᠦᠯᠦᠯ ᠢ ᠲᠤᠰᠴᠤ ᠡᠷᠳᠡᠮᠳᠡᠨ ᠰᠤᠳᠤᠯᠭᠠᠳᠠᠳ ᠤᠨ ᠥᠨᠡᠯᠡᠯ ᠢ ᠬᠦᠷᠳᠡᠵᠦ ᠪᠢᠯᠡ᠃ ᠲᠡᠷᠡ ᠣᠳᠣ ᠶᠠᠭ ᠰᠠᠶᠢᠬᠠᠨ ᠳᠥᠴᠢᠭᠡᠳ ᠵᠢᠯ ᠤᠨ ᠡᠮᠴᠢᠯᠡᠭᠡᠨ ᠤ ᠲᠤᠷᠰᠢᠯᠭ᠎ᠠ ᠤᠯᠤᠯᠳᠠ ᠪᠠᠨ ᠳ᠋ᠦᠩᠨᠡᠵᠦ ᠡᠮᠬᠢᠳᠭᠡᠭᠡᠳ ︽ᠪᠠᠭᠠᠳᠤᠷ ᠤᠨ ᠡᠮᠴᠢᠯᠡᠭᠡᠨ ᠤ ᠤᠶᠢᠯᠠᠯᠭ᠎ᠠ︾ ᠭᠡᠮᠡᠬᠦ ᠪᠦᠳᠦᠭᠡᠯ ᠪᠤᠯᠭᠠᠨ ᠲᠤᠭᠤᠷᠪᠢᠨ ᠪᠢᠴᠢᠵᠦ ᠪᠤᠢ᠃ ᠲᠡᠭᠦᠨ ᠤ ᠡᠶᠢᠮᠥᠷᠭᠦᠤ ᠠᠵᠢᠯ ᠤᠨ ᠰᠠᠶᠢᠬᠠᠨ ᠥᠷ᠎ᠡ ᠪᠥᠲᠥᠮᠵᠢ ᠲᠠᠢ ᠬᠢᠯᠠᠷᠠᠭᠤᠯᠵᠤ ᠶᠠᠪᠤᠭ᠎ᠠ ᠨᠢ ᠴᠥᠬᠦᠷᠡᠯ ᠥᠭᠡᠢ ᠳᠠᠷᠤᠤ ᠭᠢᠴᠢᠶᠡᠩᠭᠦᠢ ᠴᠢᠷᠮᠠᠶᠢᠨ ᠰᠤᠷᠤᠯᠴᠠᠭᠰᠠᠨ ᠤ ᠬᠢᠨᠢ ᠥᠷ᠎ᠡ ᠳ᠋ᠦᠩ ᠪᠤᠯᠬᠤ ᠶᠤᠮ᠃      ᠪᠠᠭᠠᠳᠤᠷ ᠡᠮᠴᠢ ᠶᠢᠨ ᠥᠢᠯᠡᠰ ᠤᠨ ᠰᠠᠶᠢᠬᠠᠨ ᠠᠯᠲᠠᠨ ᠬᠠᠷᠭᠤᠢ ᠪᠠᠳᠠᠷᠠᠨ ᠭᠥᠭᠵᠢᠵᠦ᠂ ᠲᠡᠭᠦᠨ ᠤ ᠤᠶᠤᠨ ᠤ ᠰᠢᠮ᠎ᠡ ᠪᠠᠷ ᠤᠮᠳᠠᠯᠠᠭᠰᠠᠨ ᠰᠤᠷᠭᠤᠭ ᠴᠡᠴᠡᠭ ᠨᠢ ᠥᠷ᠎ᠡ ᠵᠢᠮᠢᠰ ᠰᠠᠭᠤᠨ ᠳᠡᠯᠭᠡᠷᠡᠬᠦ ᠪᠤᠯᠲᠤᠭᠠᠢ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号