ᠪᠦᠬᠦ ᠬᠤᠰᠢᠭᠤᠨ ᠤ ᠦᠨᠳᠦᠰᠦᠨ ᠱᠠᠳᠣᠨ ᠤ ᠨᠠᠮ ᠤᠨ ᠪᠠᠶᠢᠭᠤᠯᠣᠯᠲᠠ ᠶᠢᠨ ᠭᠤᠣᠯᠳᠠᠯᠭ᠎ᠠ ᠲᠠᠢ ᠠᠵᠢᠯ  ᠤᠨ ᠳᠣᠬᠢᠷᠠᠭᠤᠯᠣᠯᠲᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019-07-12
     7 ᠰᠠᠷ᠎ᠠ ᠶᠢᠨ 9 ᠤ ᠡᠳᠦᠷ᠂ ᠪᠦᠬᠦ ᠬᠤᠰᠢᠭᠤᠨ ᠤ ᠦᠨᠳᠦᠰᠦᠨ ᠱᠠᠳᠣᠨ ᠤ ᠨᠠᠮ ᠤᠨ ᠪᠠᠶᠢᠭᠤᠯᠣᠯᠲᠠ ᠶᠢᠨ ᠭᠤᠣᠯᠳᠠᠯᠭ᠎ᠠ ᠲᠠᠢ ᠠᠵᠢᠯ ᠤᠨ ᠳᠣᠬᠢᠷᠠᠭᠤᠯᠣᠯᠲᠠ ᠶᠢᠨ ᠬᠤᠷᠠᠯ ᠬᠤᠰᠢᠭᠤ ᠵᠠᠰᠠᠭ ᠵᠠᠬᠢᠷᠭᠠᠨ ᠤ ᠦᠢᠯᠡᠴᠢᠯᠡᠬᠡᠨ ᠤ ᠳᠦᠪ ᠲᠤ  ᠬᠤᠷᠠᠯᠳᠣᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠰᠣ᠋ ᠰᠢᠨ ᠹᠠ ᠬᠤᠷᠠᠯ ᠳᠤ ᠣᠷᠣᠯᠴᠠᠵᠦ ᠶᠠᠷᠢᠶ᠎ᠠ ᠳᠠᠯᠪᠢᠪᠠ᠃ ᠡᠯ᠎ᠡ ᠰᠣᠮᠣ ᠪᠠᠯᠭᠠᠰᠣᠨ ᠤ ᠬᠠᠷᠢᠭᠤᠴᠠᠯᠭᠠᠳᠠᠨ᠂ ᠡᠯ᠎ᠡ ᠦᠨᠳᠦᠰᠦᠨ ᠱᠠᠳᠣᠨ ᠤ ᠨᠠᠮ ᠤᠨ ︵ᠠᠵᠢᠯᠯᠠᠬᠤ︶ ᠬᠤᠷᠢᠶᠠᠨ ᠤ ᠱᠦᠵᠢ ᠪᠠ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠳᠡᠰ ᠤᠨ ᠬᠠᠮᠢᠶ᠎ᠠ ᠪᠦᠬᠦᠢ ᠳᠠᠰᠤᠭ ᠤᠨ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠰᠣ᠋ ᠰᠢᠨ ᠹᠠ ᠪᠦᠬᠦ ᠬᠤᠳᠠ ᠶᠢᠨ ᠬᠤᠳᠠ ᠶᠢᠨ ᠦᠨᠳᠦᠰᠦᠨ ᠱᠠᠳᠣᠨ ᠤ ᠨᠠᠮ ᠤᠨ ᠪᠠᠶᠢᠭᠤᠯᠣᠯᠳᠠ ᠶᠢᠨ ᠠᠵᠢᠯ ᠤᠨ ᠭᠤᠣᠯᠳᠠᠯᠭ᠎ᠠ ᠲᠠᠢ ᠡᠬᠦᠷᠭᠡ ᠶᠢᠨ ᠳᠣᠬᠢᠷᠠᠭᠤᠯᠣᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠵᠦ ᠡᠯ᠎ᠡ ᠰᠣᠮᠣ ᠪᠠᠯᠭᠠᠰᠣ᠂ ᠬᠤᠰᠢᠭᠤ ᠠᠯᠪᠠᠨ ᠪᠠᠶᠢᠭᠤᠯᠭ᠎ᠠ ᠶᠢᠨ ᠠᠵᠢᠯ ᠤᠨ ᠵᠦᠪᠯᠡᠯ ᠤᠨ ᠬᠠᠷᠢᠭᠤᠴᠠᠯᠭᠠᠳᠠᠨ ᠦᠨᠳᠦᠰᠦᠨ ᠱᠠᠳᠣᠨ ᠤ ᠨᠠᠮ ᠤᠨ ᠪᠠᠶᠢᠭᠤᠯᠣᠯᠲᠠ ᠶᠢᠨ ᠠᠵᠢᠯ ᠪᠠ ᠣᠷᠣᠰᠢᠵᠦ ᠪᠠᠶᠢᠭ᠎ᠠ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠲᠦᠯᠦᠪᠯᠡᠭᠡ ᠶᠢᠨ ᠳᠣᠬᠠᠢ ᠬᠠᠷᠢᠭᠤ ᠮᠡᠳᠡᠬᠦᠯᠦᠯᠲᠡ ᠬᠢᠭᠰᠡᠨ ᠪᠠᠶᠢᠨ᠎ᠠ᠃
     ᠰᠣ᠋ ᠰᠢᠨ ᠹᠠ ᠴᠢᠬᠤᠯᠠᠴᠢᠯᠠᠬᠤ ᠳᠠᠭᠠᠨ᠂ ᠦᠨᠳᠦᠰᠦᠨ ᠱᠠᠳᠣᠨ ᠤ ᠨᠠᠮ ᠤᠨ ᠳᠣᠭᠤᠶᠢᠯᠠᠩ ᠤᠨ ᠱᠦᠵᠢ᠂ ᠳᠡᠳ᠋ ᠱᠦᠵᠢ ᠡᠷᠭᠡᠪᠰᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠢᠭᠠᠪᠣᠷᠢ ᠪᠠ ᠬᠤᠯᠪᠣᠭᠳᠠᠯ ᠪᠦᠬᠦᠢ ᠨᠠᠮ ᠤᠨ ᠳᠣᠳᠣᠭᠠᠲᠣ ᠶᠢᠨ ᠬᠠᠣᠯᠢ ᠳᠦᠷᠢᠮ ᠤᠨ ᠳᠣᠬᠠᠢ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠣᠷᠣᠯᠴᠠᠨ  ᠲᠤᠭᠤᠰᠢᠯᠠᠭᠤᠯᠵᠦ ᠦᠨᠳᠦᠰᠦᠨ ᠱᠠᠳᠣᠨ ᠤ ᠨᠠᠮ ᠤᠨ ᠪᠠᠶᠢᠭᠤᠯᠣᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠤᠨ ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾ ᠳᠣᠰᠬᠠᠢ ᠳᠡᠮᠡᠴᠡᠯ ᠢ ᠬᠦᠨᠵᠡᠬᠡᠢ ᠠᠬᠢᠭᠤᠯᠵᠦ ᠭᠠᠴᠠᠭ᠎ᠠ ᠳᠣᠰᠬᠤᠨ ᠤ ᠬᠠᠮᠲᠣ ᠶᠢᠨ ᠠᠵᠣ ᠠᠬᠤᠢ ᠶᠢ ᠦᠷᠭᠡᠳᠬᠡᠨ ᠬᠦᠭᠵᠢᠬᠦᠯᠬᠦ ᠶᠢᠨ ᠬᠠᠮᠲᠣ 2019 ᠣᠨ ᠤ ᠨᠠᠮ ᠤᠨ ᠬᠡᠰᠢᠬᠦᠨ ᠢ ᠬᠦᠮᠦᠵᠢᠬᠦᠯᠬᠦ ᠵᠢᠯᠣᠭᠤᠳᠣᠯᠭ᠎ᠠ ᠶᠢᠨ ᠴᠢᠨᠠᠷᠳᠠᠢ ᠲᠦᠯᠦᠪᠯᠡᠭᠡ ᠪᠠ ︽ᠳᠣᠮᠳᠠᠳᠣ ᠣᠯᠣᠰ ᠤᠨ ᠡᠪ ᠬᠠᠮᠲᠣ ᠨᠠᠮ ᠤᠨ ᠨᠠᠮ ᠤᠨ ᠬᠡᠰᠢᠬᠦᠨ ᠤ ᠬᠦᠮᠦᠵᠢᠯ ᠤᠨ ᠬᠠᠮᠢᠶᠠᠷᠣᠯᠳᠠ ᠶᠢᠨ ᠠᠵᠢᠯ  ᠤᠨ ᠲᠦᠷᠢᠮ︾ ᠢ ᠨᠠᠷᠢᠨ ᠬᠢᠨᠠᠮᠠᠭᠠᠢ ᠲᠤᠭᠤᠰᠢᠯᠠᠭᠤᠯᠵᠦ ᠨᠠᠮ ᠤᠨ ᠬᠡᠰᠢᠬᠦᠨ ᠤ ᠡᠩᠨᠡᠭᠡ ᠶᠢ ᠪᠣᠵᠠᠭᠠᠶᠢᠷᠠᠭᠤᠯᠤᠨ ᠨᠠᠮ ᠤᠨ ᠬᠡᠰᠢᠬᠦᠳ ᠤᠨ ᠳᠡᠷᠢᠬᠦᠨ ᠤ ᠵᠢᠱᠢᠶᠡᠴᠢ ᠦᠢᠯᠡᠳᠦᠯ ᠦᠵᠡᠬᠦᠯᠬᠦ ᠶᠢ ᠵᠢᠯᠣᠭᠤᠳᠣᠨ ᠳᠠᠭᠠᠭᠤᠯᠬᠤ ᠬᠡᠷᠡᠭᠲᠡᠢ᠃ ᠦᠨᠳᠦᠰᠦᠨ ᠱᠠᠳᠣᠨ ᠤ ᠨᠠᠮ ᠤᠨ ᠳᠣᠭᠤᠶᠢᠯᠠᠩ ᠤᠨ ᠱᠦᠵᠢ᠂ ᠳᠡᠳ᠋ ᠱᠦᠵᠢ ᠡᠷᠭᠡᠪᠰᠢ ᠡᠬᠦᠷᠭᠡ ᠬᠠᠷᠢᠭᠤᠴᠠᠯᠭ᠎ᠠ  ᠪᠠᠨ ᠳᠦᠪ ᠴᠢᠩᠭ᠎ᠠ ᠬᠦᠢᠴᠡᠳᠬᠡᠵᠦ ᠦᠨᠳᠦᠰᠦᠨ ᠱᠠᠳᠣᠨ ᠤ ᠨᠠᠮ ᠤᠨ ᠵᠣᠬᠢᠶᠠᠨ ᠪᠠᠶᠢᠭᠤᠯᠣᠯᠲᠠ ᠶᠢᠨ ᠪᠦᠬᠦ ᠳᠠᠯ᠎ᠠ  ᠪᠠᠷ ᠠᠯᠬᠤᠮ ᠳᠠᠪᠰᠢᠬᠤ ᠶᠢ ᠠᠬᠢᠭᠤᠯᠤᠨ ︽ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠦ᠂ ᠨᠣᠮᠢᠨ ᠳᠠᠩᠰᠤᠭ ᠬᠦᠭᠵᠢᠨ ᠮᠠᠨᠳᠣᠯᠳᠠ ᠶᠢ ᠪᠡᠶᠡᠯᠡᠬᠦᠯᠬᠦ︾ ᠳᠤ ᠪᠠᠳᠣ ᠪᠠᠬᠢ ᠵᠣᠬᠢᠶᠠᠨ ᠪᠠᠶᠢᠭᠤᠯᠣᠯᠳᠠ ᠶᠢᠨ ᠪᠠᠳᠣᠯᠠᠭ᠎ᠠ ᠬᠠᠩᠭᠠᠬᠤ ᠬᠡᠷᠡᠭᠲᠡᠢ ᠬᠡᠪᠡ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号