ᠬᠤᠰᠢᠭᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠬᠠᠮᠳᠤ ᠶᠢᠨ ᠰᠤᠷᠤᠯᠴᠯᠠᠭ᠎ᠠ  ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-07-12
     7 ᠰᠠᠷ᠎ᠠ ᠶᠢᠨ 11 ᠤ ᠡᠳᠦᠷ᠂ ᠬᠤᠰᠢᠭᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ  ᠤᠨ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠡ᠃ ᠬᠤᠰᠢᠭᠤ ᠨᠠᠮ ᠤᠨ ᠬᠤᠷᠢᠶᠠᠨ ᠤ ᠲᠡᠳ᠋ ᠱᠥᠵᠢ ᠬᠤᠰᠢᠭᠤ ᠲᠠᠷᠤᠭ᠎ᠠ ᠵᠤᠤ ᠹᠸᠢ ᠯᠤ᠋᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠲᠡᠳ᠋ ᠲᠠᠷᠤᠭ᠎ᠠ ᠯᠢ ᠵᠥᠩ ᠯᠢᠨ᠂ ᠬᠤᠰᠢᠭᠤ ᠲᠡᠳ᠋ ᠲᠠᠷᠤᠭ᠎ᠠ ᠲᠤᠲᠤᠭᠠᠲᠤ ᠶᠢ ᠬᠠᠮᠠᠭᠠᠯᠠᠬᠤ ᠲᠤᠪᠴᠢᠶᠠᠨ ᠳᠠᠷᠤᠭ᠎ᠠ ᠭᠤᠤ ᠬᠤ᠋᠂ ᠬᠤᠰᠢᠭᠤ ᠲᠡᠳ᠋ ᠲᠠᠷᠤᠭ᠎ᠠ ᠵᠸᠤ ᠱᠤᠸᠠᠢ᠂ ᠯᠢ ᠬᠤᠩ ᠯᠢᠶᠠᠩ ᠬᠤᠷᠠᠯ ᠳᠤ ᠤᠷᠤᠯᠴᠠᠪᠠ᠃
     ᠬᠤᠷᠠᠯ ᠲᠡᠭᠡᠷ᠎ᠡ᠂ ᠰᠢ ᠶᠢᠨ ᠫᠢᠩ ᠶᠠᠷᠤᠩᠭᠡᠢ ᠱᠥᠵᠢ ᠶᠢᠨ ᠲᠥᠪ ᠪᠤᠯᠤᠨ ᠤᠯᠤᠰ ᠤᠨ ᠠᠯᠪᠠᠨ ᠪᠠᠶᠢᠭᠤᠯᠭ᠎ᠠ  ᠶᠢᠨ ᠨᠠᠮ ᠤᠨ ᠪᠠᠶᠢᠭᠤᠯᠤᠯᠳᠠ ᠶᠢᠨ ᠠᠵᠢᠯ ᠤᠨ ᠬᠤᠷᠠᠯ ᠲᠡᠭᠡᠷᠡᠭᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠬᠤᠷᠠᠯ ᠳᠤ ᠤᠷᠤᠯᠴᠠᠭᠰᠠᠨ ᠨᠠᠮ ᠤᠨ ᠭᠡᠰᠢᠭᠦᠨ ᠳᠤ ᠰᠢ ᠶᠢᠨ ᠫᠢᠩ ᠶᠠᠷᠤᠩᠭᠡᠢ ᠱᠥᠵᠢ  ᠶᠢᠨ ︽ᠤᠭ ᠰᠠᠨᠠᠭ᠎ᠠ   ᠪᠠᠨ ᠥᠯᠤ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠭᠦ︾ ᠲᠤᠬᠠᠢ ᠴᠢᠬᠤᠯᠠ ᠥᠭᠦᠯᠠᠯᠳᠠ ᠶᠢᠨ ᠲᠠᠭᠦᠪᠤᠷᠢ ᠶᠢ ᠲᠠᠷᠤᠮᠠᠯᠯᠠᠨ ᠲᠠᠷᠬᠠᠭᠠᠪᠠ᠃      ᠬᠤᠷᠠᠯ ᠠᠴᠠ ᠵᠢᠭᠠᠵᠤ ᠭᠠᠷᠭᠠᠬᠤ ᠳᠤ ᠪᠠᠨ᠂ ︽ᠤᠭ ᠰᠠᠨᠠᠭ᠎ᠠ ᠪᠠᠨ ᠥᠯᠤ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠭᠦ︾ ᠭᠤᠤᠯ ᠰᠡᠳᠤᠪᠳᠤ ᠭᠥᠮᠤᠵᠢᠯ ᠤᠨ ᠬᠤᠶᠠᠳᠤᠭᠠᠷ ᠡᠭᠡᠯᠵᠢ ᠶᠢᠨ ᠠᠵᠢᠯᠯᠠᠭ᠎ᠠ ᠨᠢᠭᠡᠨᠳᠠ ᠡᠭᠢᠯᠡᠭᠰᠠᠨ ᠪᠤᠯᠬᠤᠷ   ᠡᠯ᠎ᠠ ᠨᠠᠮ ᠤᠨ ᠤᠳᠤᠷᠢᠳᠬᠤ ᠲᠤᠭᠤᠶᠢᠯᠠᠩ ᠤᠨ ᠪᠥᠷᠢᠯᠳᠤᠭᠦᠨ ᠨᠢᠭᠡᠳᠤᠯᠳᠠᠢ ᠪᠠᠶᠢᠷᠢᠯᠠᠭᠤᠯᠤᠯᠳᠠ ᠶᠤᠰᠤᠭᠠᠷ ᠥᠪᠠᠷ ᠢᠶᠠᠨ ᠰᠤᠷᠤᠯᠴᠠᠬᠤ ᠲᠥᠯᠥᠪᠯᠡᠭᠡ ᠲᠤᠭᠳᠠᠭᠠᠨ ᠭᠠᠷᠭᠠᠵᠤ ᠰᠢ  ᠶᠢᠨ ᠫᠢᠩ ᠶᠠᠷᠤᠩᠭᠡᠢ ᠱᠥᠵᠢ ᠶᠢᠨ ᠴᠢᠬᠤᠯᠠ ᠥᠭᠦᠯᠠᠯᠳᠠ ᠪᠠ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠥᠭᠦ ᠲᠠᠯ᠎ᠠ ᠪᠠᠷ ᠰᠤᠷᠤᠯᠴᠠᠨ ︽ᠰᠤᠷᠤᠯᠴᠠᠯᠭ᠎ᠠ ᠪᠠᠷ ᠤᠯᠤᠰ ᠢᠶᠠᠨ ᠭᠥᠴᠥᠷᠭᠡᠭᠵᠢᠭᠦᠯᠭᠦ︾  ᠲᠤᠤᠷ ᠰᠥᠯᠵᠢᠶᠠᠨ ᠤ ᠲᠠᠪᠴᠠᠩ ᠪᠠ ︽ᠰᠢ ᠶᠢᠨ ᠫᠢᠩ ᠤᠨ ᠰᠢᠨ᠎ᠠ ᠴᠠᠭ ᠥᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠥᠵᠠᠯ ᠰᠠᠨᠠᠭ᠎ᠠ ᠶᠢᠨ ᠲᠤᠬᠠᠢ ᠭᠤᠴᠢᠨ ᠲᠠᠶᠢᠯᠤᠮᠵᠢ︾ ᠵᠡᠷᠭᠡ ᠨᠤᠮ ᠲᠡᠪᠳᠡᠷ ᠢ ᠠᠰᠢᠭᠯᠠᠨ  ᠭᠥᠨᠵᠡᠭᠡᠢ ᠪᠥᠭᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ ᠥᠪᠠᠷ ᠤᠨ ᠪᠠᠶ᠎ᠠ ᠶᠢᠨ ᠤᠨᠤᠯ ᠤᠨ ᠭᠢᠷᠢ ᠲᠥᠪᠰᠢᠨ ᠪᠠ ᠲᠥᠷᠤ  ᠶᠢᠨ ᠪᠤᠳᠤᠯᠭ᠎ᠠ ᠶᠢ ᠤᠶᠢᠯᠠᠭᠠᠬᠤ ᠭᠥᠴᠤᠨ᠂ ᠭᠡᠷᠡᠭᠵᠢᠭᠦᠯᠭᠦ ᠭᠥᠴᠤᠨ ᠢ ᠨᠡᠮᠡᠭᠳᠡᠭᠦᠯᠭᠦ ᠭᠡᠷᠡᠭᠳᠠᠢ ᠭᠡᠵᠡᠢ᠃      ᠬᠤᠷᠠᠯ ᠠᠴᠠ ᠱᠠᠭᠠᠷᠳᠠᠬᠤ ᠳᠤ ᠪᠠᠨ᠂ ᠠᠵᠤ ᠠᠬᠤᠢ ᠶᠢᠨ ᠡᠷᠭᠢᠯᠳᠠ ᠶᠢ ᠰᠠᠶᠢᠲᠤᠷ ᠲᠤᠬᠢᠷᠠᠭᠤᠯᠵᠦ ᠴᠢᠬᠤᠯᠠ ᠲᠤᠮᠤ ᠲᠥᠷᠤᠯ ᠵᠥᠢᠯ ᠤᠨ ᠪᠠᠷᠢᠯᠭ᠎ᠠ ᠪᠠᠨ ᠡᠬᠢᠯᠡᠬᠦᠯᠬᠦ ᠰᠠᠷᠭᠦᠭᠡᠭᠦ ᠶᠢ ᠴᠢᠩᠭ᠎ᠠ ᠠᠳᠬᠤᠵᠦ ᠴᠠᠭᠢᠯᠭᠠᠨ ᠭᠥᠴᠤᠨ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠠᠵᠤ ᠠᠬᠤᠶᠢᠯᠠᠯ ᠤᠨ ᠭᠡᠪ ᠤᠨ ᠥᠢᠯᠡᠳᠪᠤᠷᠢᠯᠠᠯ ᠢ ᠪᠠᠳᠤᠯᠠᠵᠦ ᠠᠬᠤ ᠠᠬᠤᠢ ᠶᠢᠨ ᠲᠤᠭᠳᠠᠭᠤᠨ ᠨᠡᠮᠡᠭᠳᠠᠯ᠂ ᠡᠷᠡᠭᠦᠯ ᠭᠥᠭᠵᠢᠯᠲᠡ ᠶᠢ ᠪᠠᠳᠤᠯᠠᠬᠤ ᠭᠡᠷᠡᠭᠳᠠᠢ᠃ ᠥᠶᠠᠷ ᠢ ᠰᠠᠷᠭᠡᠶᠢᠯᠠᠨ ᠭᠠᠩ ᠢ  ᠡᠰᠠᠷᠭᠦᠴᠠᠭᠦ᠂ ᠲᠠᠷᠢᠮᠠᠯ ᠤᠨ ᠬᠤᠷᠤᠬᠠᠢ ᠶᠢᠨ ᠭᠠᠮᠰᠢᠭ᠂ ᠠᠹᠷᠢᠺᠠ ᠲᠢᠪ ᠤᠨ ᠭᠠᠭ᠋ᠠᠢ ᠶᠢᠨ ᠭᠢᠵᠢᠭ ᠵᠡᠷᠭᠡ ᠠᠮᠢᠳᠠᠨ ᠤᠷᠭᠤᠮᠠᠯ ᠤᠨ ᠭᠢᠵᠢᠭ ᠪᠠ ᠡᠯ᠎ᠠ ᠭᠥᠷᠢᠶ᠎ᠠ ᠴᠠᠷᠠᠭᠠᠨ ᠤ ᠠᠶᠤᠯᠭᠦᠢ ᠥᠢᠯᠡᠳᠪᠤᠷᠢᠯᠠᠯ ᠤᠨ ᠠᠵᠢᠯ ᠢ ᠰᠠᠶᠢᠨ ᠭᠢᠭᠦ ᠭᠡᠷᠡᠭᠳᠠᠢ᠃ ᠬᠤᠳᠠ ᠶᠢᠨ ᠵᠠᠮ ᠢ ᠥᠭᠡᠷᠡᠴᠢᠯᠠᠭᠦ ᠪᠥᠳᠥᠭᠡᠨ ᠪᠠᠶᠢᠭᠤᠯᠤᠯᠳᠠ ᠪᠠ ᠭᠠᠯᠠᠭᠤᠳᠤ ᠰᠤᠷᠭᠠᠭᠤᠯᠢ᠂ ᠲᠥᠷᠪᠡᠳᠤᠭᠡᠷ ᠭᠡᠤᠭᠡᠳ ᠤᠨ ᠴᠡᠴᠡᠷᠯᠢᠭ᠂  ᠲᠤᠭ ᠪᠠᠭ᠎ᠠ ᠰᠤᠷᠭᠠᠭᠤᠯᠢ ᠶᠢᠨ ᠲᠥᠷᠤᠯ ᠵᠥᠢᠯ ᠤᠨ ᠪᠥᠳᠥᠭᠡᠨ ᠪᠠᠶᠢᠭᠤᠯᠤᠯᠳᠠ ᠶᠢ ᠲᠥᠷᠭᠡᠨ ᠠᠭᠢᠭᠤᠯᠵᠤ ᠲᠥᠭᠦᠭᠡᠷᠤᠮᠵᠢ  ᠬᠤᠳᠠᠯᠳᠤᠨ ᠠᠪᠬᠤ ᠠᠵᠢᠯ ᠢ ᠲᠥᠷᠭᠡᠳᠭᠡᠨ ᠨᠠᠮᠤᠷ ᠰᠤᠷᠭᠠᠭᠤᠯᠢ ᠡᠭᠢᠯᠠᠭᠦ ᠳᠤ ᠭᠡᠷᠡᠭᠯᠡᠯᠳᠠ ᠳᠤ ᠤᠷᠤᠬᠤ ᠶᠢ ᠪᠠᠳᠤᠯᠠᠬᠤ ᠭᠡᠷᠡᠭᠳᠠᠢ ᠭᠡᠵᠡᠢ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠭᠥᠨᠵᠡᠭᠡᠢ ᠠᠭᠢᠭᠤᠯᠵᠤ ᠵᠠᠰᠠᠭ ᠤᠨ ᠤᠷᠳᠤᠨ ᠤ ᠴᠢᠨᠠᠷᠳᠠᠢ ᠥᠷᠢ ᠥᠭᠴᠡᠭᠡ ᠶᠢ ᠢᠯᠭᠠᠷᠠᠭᠤᠯᠬᠤ ᠪᠠ ᠲᠠᠩᠰᠠ ᠪᠠᠶᠢᠭᠤᠯᠤᠨ ᠺᠠᠷᠲ ᠵᠤᠭᠢᠶᠠᠭᠰᠠᠨ 2 ᠡᠷᠤᠭᠡ ᠶᠢ ᠶᠠᠳᠠᠭᠤ ᠠᠴᠠ ᠠᠩᠭᠢᠵᠷᠠᠭᠤᠯᠬᠤ ᠠᠵᠢᠯ ᠢ ᠴᠢᠩᠭ᠎ᠠ ᠠᠳᠬᠤᠨ ᠪᠥᠭᠦ ᠬᠤᠰᠢᠭᠤᠨ ᠤ ᠤᠷᠴᠢᠨ ᠲᠤᠭᠤᠷᠢᠨ ᠤ ᠠᠰᠠᠭᠤᠳᠠᠯ ᠳᠤ ᠲᠠᠭᠢᠨ ᠨᠢᠭᠡ ᠤᠳᠠᠭᠠᠨ ᠤ ᠨᠠᠷᠢᠨ ᠪᠠᠶᠢᠴᠠᠭᠠᠯᠳᠠ ᠭᠢᠵᠤ ᠬᠤᠯᠪᠤᠭᠳᠠᠯ ᠪᠥᠭᠦᠢ ᠠᠰᠠᠭᠤᠳᠠᠯ ᠳᠤ ᠴᠡᠭᠴᠡᠯᠠᠨ ᠰᠠᠶᠢᠵᠢᠷᠠᠭᠤᠯᠤᠯᠳᠠ ᠭᠢᠭᠦ ᠭᠡᠷᠡᠭᠳᠠᠢ᠃ ᠭᠥᠳᠡᠭᠡ ᠲᠤᠰᠬᠤᠨ  ᠢ ᠭᠥᠭᠵᠢᠭᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠥᠨᠵᠡᠭᠡᠢ ᠭᠡᠷᠡᠭᠵᠢᠭᠦᠯᠵᠤ ᠲᠠᠷᠤᠮᠠᠯᠯᠠᠨ ᠲᠠᠷᠬᠠᠭᠠᠭᠰᠠᠨ ᠲᠥᠰᠤᠯ ᠲᠥᠯᠥᠪᠯᠡᠭᠡ ᠬᠠᠷᠠᠯᠳᠠ ᠶᠤᠰᠤᠭᠠᠷ ᠮᠠᠯᠴᠢᠨ ᠲᠠᠷᠢᠶᠠᠴᠢᠨ ᠢ ᠵᠤᠭᠢᠶᠠᠨ ᠪᠠᠶᠢᠭᠤᠯᠤᠨ ᠲᠠᠶᠢᠴᠢᠯᠠᠵᠤ ᠬᠤᠷᠰᠢᠶᠠᠵᠢᠯ ᠪᠠ ᠲᠤᠯᠤᠭᠠᠶᠢᠯᠠᠬᠤ ᠠᠵᠤ ᠠᠬᠤᠶᠢᠯᠠᠯ ᠤᠨ ᠲᠠᠭᠤᠷᠢᠶᠠᠯ ᠲᠠᠭᠠᠭᠤᠯᠤᠭᠴᠢ ᠶᠢᠨ ᠥᠢᠯᠡᠳᠤᠯ ᠢᠶᠠᠨ ᠪᠠᠳᠠᠷᠠᠭᠤᠯᠬᠤ ᠶᠢ ᠵᠢᠯᠤᠭᠤᠳᠤᠨ ᠮᠠᠯᠵᠢᠬᠤ ᠲᠠᠷᠢᠶᠠᠯᠠᠬᠤ ᠤᠷᠤᠨ ᠤ ᠲᠠᠷᠬᠠᠢ ᠪᠤᠳᠠᠷᠬᠠᠢ ᠥᠢᠯᠡᠳᠪᠤᠷᠢᠯᠠᠯ ᠤᠨ ᠭᠥᠴᠤᠨ ᠢ ᠠᠯᠬᠤᠮ ᠠᠯᠬᠤᠮ ᠢᠶᠠᠷ ᠠᠵᠤ ᠠᠬᠤᠢ ᠶᠢᠨ ᠭᠡᠯᠭᠢᠶᠠᠵᠢᠯ ᠲᠠᠢ ᠨᠡᠶᠢᠯᠡᠬᠦᠯᠬᠦ ᠭᠡᠷᠡᠭᠳᠠᠢ᠃ G338 ᠱᠤᠭᠤᠮ᠂ S317 ᠱᠤᠭᠤᠮ ᠪᠤᠯᠤᠨ ᠡᠨᠠ ᠵᠢᠯ ᠤᠨ ᠲᠥᠯᠥᠪᠵᠢᠭᠦᠯᠵᠤ ᠭᠡᠷᠡᠭᠵᠢᠭᠦᠯᠥᠭᠰᠠᠨ 7 ᠭᠠᠴᠠᠭ᠎ᠠ ᠲᠤᠰᠬᠤᠨ ᠤ ᠵᠠᠮ ᠢ ᠰᠠᠯᠪᠢᠨ  ᠵᠠᠰᠠᠵᠤ ᠥᠭᠡᠷᠡᠴᠢᠯᠡᠬᠦ ᠢᠨᠵᠧᠨᠧᠷᠢᠩ ᠢ ᠲᠥᠷᠭᠡᠳᠭᠡᠨ ᠠᠭᠢᠭᠤᠯᠵᠤ ᠵᠢᠯ ᠤᠨ ᠡᠴᠤᠰ  ᠲᠤ ᠲᠡᠷᠭᠡ ᠨᠠᠪᠳᠠᠷᠡᠭᠦᠯᠬᠦ ᠪᠠᠷ ᠴᠢᠷᠮᠠᠶᠢᠬᠤ ᠭᠡᠷᠡᠭᠳᠠᠢ᠃ ᠬᠠᠷ᠎ᠠ ᠪᠥᠯᠥᠭᠳᠠᠨ ᠬᠠᠷᠭᠢᠰ ᠭᠥᠴᠤᠨ ᠢ ᠠᠷᠢᠯᠭᠠᠬᠤ ᠲᠤᠰᠬᠠᠢ ᠲᠠᠮᠠᠴᠠᠯ ᠢ ᠭᠥᠨᠵᠡᠭᠡᠢ ᠠᠭᠢᠭᠤᠯᠵᠤ ᠨᠠᠶᠢᠭᠡᠮ ᠤᠨ ᠤᠷᠴᠢᠨ ᠢ ᠴᠡᠪᠡᠷᠰᠢᠭᠦᠯᠤᠨ ᠥᠷᠭᠡᠨ ᠤᠯᠠᠨ ᠲᠥᠮᠡᠨ ᠤ ᠠᠮᠤᠷ ᠲᠥᠪᠰᠢᠨ ᠲᠥᠷᠥᠭᠳᠠᠯ᠂ ᠵᠤᠯ ᠵᠢᠷᠭᠠᠯᠳᠤ ᠲᠥᠷᠤᠭ᠍ᠳᠡᠯ ᠢ ᠲᠠᠰᠤᠷᠠᠯᠲᠠ ᠥᠭᠡᠢ ᠨᠡᠮᠡᠭᠳᠡᠭᠦᠯᠭᠦ ᠭᠡᠷᠡᠭᠳᠠᠢ ᠭᠡᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号