ᠬᠤᠰᠢᠭᠤ ᠮᠣᠩᠭᠤᠯ ᠦᠨᠳᠦᠰᠦᠲᠡᠨ ᠤ ᠳᠤᠷᠰᠢᠯᠲᠠ ᠶᠢᠨ ᠪᠠᠭ᠎ᠠ ᠰᠤᠷᠭᠠᠭᠤᠯᠢ ︽ᠡᠬᠡ ᠪᠠᠶᠢᠭᠠᠯᠢ ᠪᠠᠨ ᠠᠵᠢᠭᠯᠠᠨ ᠰᠤᠨᠢᠷᠬᠠᠶ᠎ᠠ︾ ᠰᠡᠲᠦᠪᠲᠦ ᠦᠢᠯᠡᠳᠦᠯᠭᠡ ᠶᠢᠨ ᠠᠵᠢᠯᠯᠠᠭ᠎ᠠ ᠦᠷᠨᠢᠭᠦᠯᠪᠠ
ᠨᠡᠶᠢᠲᠡᠯᠡᠭᠰᠡᠨ ᠴᠠᠭ᠄
2019-07-12
     ᠣᠶᠢᠷ᠎ᠠ ᠶᠢᠨ ᠡᠳᠦᠷ᠂ ᠮᠠᠨ ᠤ ᠬᠤᠰᠢᠭᠤᠨ ᠤ ᠮᠣᠩᠭᠤᠯ ᠦᠨᠳᠦᠰᠦᠲᠡᠨ ᠤ ᠳᠤᠷᠰᠢᠯᠲᠠ ᠶᠢᠨ ᠪᠠᠭ᠎ᠠ ᠰᠤᠷᠭᠠᠭᠤᠯᠢ  ᠶᠢᠨ ᠭᠤᠷᠪᠠᠳᠤᠭᠠᠷ ᠣᠨ ᠤ ᠭᠤᠷᠪᠠᠳᠤᠭᠠᠷ ᠠᠩᠭᠢ ᠶᠢᠨ ᠬᠢᠨ ︽ᠡᠬᠡ ᠪᠠᠶᠢᠭᠠᠯᠢ ᠪᠠᠨ ᠠᠵᠢᠭᠯᠠᠨ ᠰᠤᠨᠢᠷᠬᠠᠶ᠎ᠠ︾ ᠰᠡᠲᠦᠪᠲᠦ ᠦᠢᠯᠡᠳᠦᠯᠭᠡ ᠶᠢᠨ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃      ᠳᠣᠰ ᠠᠵᠢᠯᠯᠠᠭ᠎ᠠ ᠳᠤ ᠰᠤᠷᠤᠭᠴᠢᠳ ᠦᠷᠯᠦᠭᠡ ᠡᠷᠲᠡᠯᠡᠨ ᠭᠡᠷ ᠤᠨ ᠠᠬᠠᠮᠠᠳ ᠤᠨ ᠳᠠᠭᠠᠭᠤᠯᠭ᠎ᠠ ᠪᠠᠷ ᠪᠠᠲᠤ ᠶᠢᠨ ᠲᠤᠬᠤᠢ ᠵᠤᠭᠠᠴᠠᠯ ᠤᠨ ᠭᠠᠵᠠᠷ ᠤᠨ ︽ᠰᠢᠪᠠᠭᠤᠲᠤ ᠠᠷᠠᠯ︾ ᠳᠤ ᠬᠦᠷᠴᠦ ᠢᠷᠡᠯ᠎ᠡ᠃ ᠰᠤᠷᠤᠭᠴᠢᠳ ᠡᠬᠡ ᠪᠠᠶᠢᠭᠠᠯᠢ ᠶᠢᠨ ᠦᠩᠭᠡ ᠦᠵᠡᠮᠵᠢ ᠶᠢ ᠰᠣᠨᠢᠷᠬᠠᠬᠤ ᠶᠢᠨ ᠳᠠᠭᠠᠤ ᠣᠯᠠᠨ ᠵᠦᠢᠯ ᠤᠨ ᠰᠢᠪᠠᠭᠤᠳ ᠢ ᠣᠯᠵᠣ ᠦᠵᠡᠭᠡᠳ ᠲᠣᠩ ᠪᠠᠶᠠᠷᠲᠠᠢ ᠪᠠᠶᠢᠯ᠎ᠠ᠃ ︽ᠰᠢᠪᠠᠭᠤᠲᠤ ᠠᠷᠠᠯ︾ ᠠᠴᠠ ᠭᠠᠷᠴᠤ ᠰᠢᠷᠬᠤᠰᠤᠨ ᠭᠤᠣᠯ ᠤᠨ ᠬᠦᠪᠡᠭᠡᠨ ᠳᠡᠭᠡᠷ᠎ᠡ ᠣᠴᠢᠵᠤ ᠦᠪᠡᠷ ᠤᠨ ᠣᠯᠵᠤ ᠬᠠᠷᠠᠭᠰᠠᠨ ᠪᠠᠶᠢᠭᠠᠯᠢ ᠶᠢᠨ ᠭᠤᠶᠢᠳᠠ ᠦᠵᠡᠮᠵᠢ ᠪᠠᠨ ᠵᠢᠷᠤᠨ ᠵᠢᠷᠤᠭᠰᠠᠨ ᠵᠢᠷᠤᠭ ᠢᠶᠠᠨ ᠬᠠᠷᠢᠯᠴᠠᠨ ᠰᠣᠯᠢᠯᠴᠠᠨ ᠣᠯᠣᠯᠳᠠ ᠲᠦᠷᠦᠭᠳᠡᠯ ᠢᠶᠠᠨ ᠶᠠᠷᠢᠵᠠᠭᠠᠪᠠ᠃     ᠰᠤᠷᠤᠭᠴᠢᠳ ᠪᠠᠰᠠ ᠭᠡᠷ ᠤᠨ ᠠᠬᠠᠮᠠᠳ ᠤᠨ ᠳᠠᠭᠠᠭᠤᠯᠭ᠎ᠠ ᠪᠠᠷ ︽ᠰᠢᠷᠬᠤᠰᠤ ᠨᠢᠭᠡ ᠭᠤᠣᠯ ᠭᠤᠷᠪᠠᠨ ᠴᠡᠴᠡᠷᠯᠢᠭ ᠤᠨ ᠦᠵᠡᠰᠬᠦᠯᠡᠩ︾ ᠤᠨ ᠣᠷᠳᠣᠨ ᠳᠤ ᠬᠦᠷᠴᠦ ᠪᠠᠯᠠᠷ ᠡᠷᠲᠡᠨ ᠤ ᠪᠠᠶᠢᠭᠠᠯᠢ ᠶᠢᠨ ᠳᠣᠬᠠᠢ ᠣᠶᠢᠯᠠᠭᠠᠭᠰᠠᠨ ᠤ ᠬᠠᠮᠲᠤ ᠤᠯᠠᠨ ᠵᠦᠢᠯ ᠤᠨ ᠬᠠᠮᠠᠭᠠᠯᠠᠯᠳᠠ ᠶᠢᠨ ᠰᠢᠪᠠᠭᠤᠳ ᠤᠨ ᠵᠠᠭᠪᠤᠷ ᠢ ᠦᠵᠡᠵᠦ ᠡᠬᠡ ᠪᠠᠶᠢᠭᠠᠯᠢ ᠪᠠᠨ ᠨᠡᠩ ᠢᠯᠡᠬᠦᠦ ᠬᠠᠶᠢᠷᠠᠯᠠᠨ ᠬᠠᠮᠠᠭᠠᠯᠠᠬᠤ ᠣᠶᠢᠯᠠᠭᠠᠯᠲᠠ ᠲᠠᠨᠢᠯᠲᠠ ᠲᠠᠢ ᠪᠣᠯᠤᠭᠰᠠᠨ ᠪᠠᠶᠢᠨ᠎ᠠ᠃    ᠮᠠᠨ ᠤ ᠬᠤᠰᠢᠭᠤᠨ ᠤ ᠮᠣᠩᠭᠤᠯ ᠦᠨᠳᠦᠰᠦᠲᠡᠨ ᠤ ᠳᠤᠷᠰᠢᠯᠲᠠ ᠶᠢᠨ ᠪᠠᠭ᠎ᠠ ᠰᠤᠷᠭᠠᠭᠤᠯᠢ ᠨᠢ ᠡᠶᠢᠮᠦᠷᠭᠦᠦ ᠡᠬᠡ ᠪᠠᠶᠢᠭᠠᠯᠢ ᠪᠠᠨ ᠬᠠᠶᠢᠷᠠᠯᠠᠨ ᠬᠠᠮᠠᠭᠠᠯᠠᠬᠤ᠂ ᠦᠨᠳᠦᠰᠦᠲᠡᠨ ᠤ ᠤᠯᠠᠮᠵᠢᠯᠠᠯᠲᠤ ᠵᠠᠩ ᠵᠠᠩᠰᠢᠯ ᠢᠶᠠᠨ ᠣᠶᠢᠯᠠᠭᠠᠨ ᠮᠡᠳᠡᠬᠦ ᠦᠢᠯᠡᠳᠦᠯᠭᠡ ᠶᠢᠨ ᠠᠵᠢᠯᠯᠠᠭ᠎ᠠ ᠶᠢ ᠥᠷᠭᠦᠯᠵᠢ ᠦᠷᠨᠢᠭᠦᠯᠵᠦ ᠰᠤᠷᠤᠭᠴᠢᠳ ᠢ ᠦᠢᠯᠡᠳᠦᠯᠭᠡ ᠶᠢᠨ ᠳᠤᠮᠳᠠ  ᠠᠴᠠ ᠪᠠᠶᠢᠭᠠᠯᠢ ᠨᠡᠶᠢᠬᠡᠮ ᠢ ᠣᠶᠢᠯᠠᠭᠠᠬᠤ ᠴᠢᠳᠠᠪᠤᠷᠢ ᠶᠢ ᠳᠡᠭᠡᠭᠰᠢᠯᠡᠭᠦᠯᠦᠭᠰᠡᠭᠡᠷ ᠢᠷᠡᠭᠰᠡᠨ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号