ᠪᠠᠶᠠᠨᠭᠤᠤᠯ ᠭᠠᠴᠠᠭ᠎ᠠ ᠬᠠᠮᠳᠤ ᠶᠢᠨ ᠭᠦᠴᠦᠨ ᠢ ᠨᠢᠬᠳᠠᠷᠠᠭᠤᠯᠤᠨ ᠭᠦᠳᠡᠭᠡ ᠲᠤᠰᠬᠤᠨ ᠤ ᠭᠦᠭᠵᠢᠯᠳᠡ ᠶᠢ ᠠᠭᠢᠭᠤᠯᠵᠠᠢ
ᠨᠡᠶᠢᠲᠡᠯᠡᠭᠰᠡᠨ ᠴᠠᠭ᠄
2019-07-17
      ᠡᠨᠡ ᠵᠢᠯ ᠠᠴᠠ ᠨᠠᠰᠢ᠂ ᠤᠯᠠᠭᠠᠨᠳᠤᠯᠤᠭᠠᠢ ᠪᠠᠯᠭᠠᠰᠤᠨ ᠤ ᠪᠠᠶᠠᠨᠭᠤᠤᠯ ᠭᠠᠴᠠᠭ᠎ᠠ ︽ᠠᠵᠤ ᠦᠢᠯᠡᠰ ᠢ ᠭᠦᠭᠵᠢᠭᠦᠯᠭᠦ᠂ ᠤᠷᠤᠰᠢᠨ ᠠᠮᠢᠳᠤᠷᠠᠬᠤ ᠳᠤ ᠲᠠᠭᠠᠯᠠᠮᠵᠢᠳᠠᠢ ᠪᠠᠶᠢᠯᠭᠠᠬᠤ᠂ ᠭᠦᠳᠡᠭᠡ ᠲᠤᠰᠬᠤᠨ ᠤ ᠪᠤᠯᠪᠠᠰᠤᠨ ᠢ ᠡᠷᠭᠢᠮᠯᠡᠭᠦ᠂ ᠵᠠᠰᠠᠨ ᠴᠡᠭᠴᠡᠯᠠᠯᠳᠠ ᠶᠢ ᠪᠦᠳᠦᠮᠵᠢᠳᠠᠢ ᠪᠠᠶᠢᠯᠭᠠᠬᠤ᠂ ᠠᠮᠢᠳᠤᠷᠠᠯ ᠢ ᠴᠢᠨᠡᠭᠡᠯᠢᠭ ᠪᠤᠯᠭᠠᠬᠤ︾ ᠶᠡᠷᠦᠩᠭᠡᠢ ᠬᠠᠷᠠᠯᠳᠠ ᠶᠢ ᠴᠢᠩᠭ᠎ᠠ ᠪᠠᠷᠢᠮᠳᠠᠯᠠᠵᠤ᠂ ᠦᠵᠡᠰᠭᠦᠯᠡᠩᠳᠦ ᠰᠠᠶᠢᠬᠠᠨ ᠭᠦᠳᠡᠭᠡ ᠲᠤᠰᠬᠤᠨ ᠢ ᠴᠤᠬᠴᠠᠯᠠᠨ ᠪᠠᠶᠢᠭᠤᠯᠵᠤ᠂ ᠤᠯᠠᠨ ᠲᠦᠮᠠᠨ ᠤ ᠵᠤᠯ ᠵᠢᠷᠭᠠᠯᠳᠤ ᠲᠦᠷᠦᠭᠳᠡᠯ ᠢ ᠲᠡᠭᠡᠭᠰᠢᠯᠡᠭᠦᠯᠭᠦ ᠪᠠᠷ ᠬᠠᠷᠠᠯᠳᠠ ᠪᠤᠯᠭᠠᠵᠤ᠂ ᠭᠠᠴᠠᠭᠠᠨ ᠤ ᠪᠤᠳᠠᠳᠤ ᠪᠠᠶᠢᠳᠠᠯ ᠪᠠ ᠤᠷᠤᠨ ᠪᠦᠰᠠ ᠶᠢᠨ ᠦᠪᠡᠷᠮᠢᠴᠠ ᠤᠨᠴᠠᠯᠢᠭ ᠲᠠᠢ ᠤᠶᠠᠯᠳᠤᠭᠤᠯᠤᠨ ᠭᠦᠭᠵᠢᠯᠳᠠ ᠶᠢᠨ ᠬᠠᠮᠳᠤ ᠶᠢᠨ ᠲᠠᠨᠢᠯᠳᠠ ᠶᠢ ᠪᠤᠢ ᠪᠤᠯᠭᠠᠵᠤ᠂ ᠭᠦᠭᠵᠢᠯᠳᠠ ᠶᠢᠨ ᠬᠠᠮᠳᠤ ᠶᠢᠨ ᠭᠦᠴᠦᠨ ᠢ ᠨᠢᠬᠳᠠᠷᠠᠭᠤᠯᠵᠤ᠂ ᠰᠢᠨ᠎ᠠ ᠡᠭᠢᠯᠡᠯᠳᠠ ᠶᠢᠨ ᠴᠡᠭ ᠲᠡᠭᠡᠷ᠎ᠠ ᠰᠢᠨ᠎ᠠ ᠦᠰᠦᠷᠦᠯᠳᠠ ᠶᠢ ᠪᠡᠶᠡᠯᠡᠭᠦᠯᠬᠦ ᠪᠠᠷ ᠴᠢᠷᠮᠠᠶᠢᠵᠤ ᠪᠤᠢ᠃       ᠭᠠᠴᠠᠭᠠᠨ ᠤ ᠪᠤᠳᠠᠳᠤ ᠪᠠᠶᠢᠳᠠᠯ ᠠᠴᠠ ᠡᠭᠦᠰᠴᠦ᠂ ᠠᠵᠤ ᠦᠢᠯᠡᠰ ᠤᠨ ᠭᠦᠭᠵᠢᠯᠳᠠ ᠶᠢᠨ ᠵᠠᠮ ᠢ ᠲᠤᠬᠳᠠᠭᠠᠪᠠ᠃ ᠲᠠᠷᠢᠶᠠᠯᠡᠩ ᠮᠠᠯ ᠠᠵᠤ ᠠᠬᠤᠢ ᠶᠢᠨ ᠴᠢᠨᠡᠷ ᠢ ᠰᠠᠶᠢᠵᠢᠷᠠᠭᠤᠯᠤᠨ ᠦᠷ ᠎ᠡ ᠪᠦᠳᠦᠮᠵᠢ ᠶᠢ ᠲᠡᠭᠡᠭᠰᠢᠯᠡᠭᠦᠯᠭᠦ ᠲᠤᠭᠤᠷᠢᠨ ᠳᠤ᠂ ᠲᠠᠷᠢᠮᠠᠯ ᠲᠡᠵᠢᠭᠡᠪᠤᠷᠢ ᠶᠢᠨ ᠲᠤᠮᠤ ᠡᠷᠦᠭᠡ᠂ ᠭᠡᠷ ᠪᠦᠯᠢ ᠶᠢᠨ ᠲᠠᠷᠢᠮᠠᠯ ᠤᠨ ᠲᠠᠯᠠᠪᠠᠢ᠂ ᠮᠠᠯᠴᠢᠨ ᠲᠠᠷᠢᠶᠠᠴᠢᠳ ᠤᠨ ᠲᠤᠰᠬᠠᠢ ᠬᠤᠷᠰᠢᠶᠠᠵᠢᠯ᠂ ᠬᠤᠪᠢ ᠤᠷᠤᠭᠤᠯᠤᠬᠰᠠᠨ ᠲᠤᠰᠬᠠᠢ ᠬᠤᠷᠰᠢᠶᠠᠵᠢᠯ ᠵᠡᠷᠭᠡ ᠤᠯᠠᠨ ᠭᠡᠯᠪᠠᠷᠢ ᠪᠦᠭᠦᠢ ᠰᠢᠨ᠎ᠠ ᠭᠡᠯᠪᠠᠷᠢ ᠶᠢᠨ ᠡᠵᠡᠩᠨᠡᠯᠳᠠ ᠶᠢᠨ ᠭᠤᠤᠯ ᠴᠤᠬᠴᠠ ᠪᠠ ᠦᠢᠯᠡᠴᠢᠯᠡᠭᠡᠨ ᠤ ᠭᠤᠤᠯ ᠴᠤᠬᠴᠠ ᠶᠢ ᠪᠤᠶᠢᠵᠢᠭᠤᠯᠪᠠ᠃ ᠤᠡᠭᠭᠤᠨ ᠮᠡᠩᠬ᠎ᠠ᠂ ᠴᠠᠭᠢᠷᠮ᠎ᠠ ᠴᠡᠴᠡᠭ ᠤᠨ ᠭᠡᠷᠡᠯ ᠵᠢᠷᠤᠭ ᠤᠨ ᠰᠠᠭᠤᠷᠢᠨ ᠭᠠᠵᠠᠷ ᠵᠡᠷᠭᠡ ᠦᠪᠡᠷᠮᠢᠴᠠ ᠤᠨᠴᠠᠯᠢᠭ ᠪᠦᠭᠦᠢ ᠦᠵᠡᠮᠵᠢ ᠶᠢᠨ ᠡᠭᠢ ᠪᠡᠶᠡᠯᠢᠬ ᠢ ᠠᠰᠢᠭᠯᠠᠵᠤ᠂ ︽ᠮᠠᠯᠴᠢᠨ ᠲᠠᠷᠢᠶᠠᠴᠢᠨ ᠠᠶᠢᠯ ᠤᠨ ᠪᠠᠶᠠᠰᠤᠯ — ᠭᠦᠳᠡᠭᠡ ᠲᠤᠰᠬᠤᠨ ᠤ ᠵᠤᠭᠠᠴᠠᠯ — ᠭᠦᠳᠡᠭᠡ ᠲᠤᠰᠬᠤᠨ ᠤ ᠰᠡᠯᠡᠭᠦᠴᠡᠯ ︾ ᠭᠡᠭᠦ ᠵᠡᠷᠭᠡ ᠶᠢᠨ ᠭᠦᠳᠡᠭᠡ ᠲᠤᠰᠬᠤᠨ ᠤ ᠵᠤᠭᠠᠴᠠᠯ ᠤᠨ ᠪᠡᠶᠡᠴᠢᠯᠠᠨ ᠤᠢᠢᠯᠠᠭᠠᠬᠤ ᠭᠡᠯᠪᠠᠷᠢ ᠶᠢ ᠪᠤᠢ ᠪᠤᠯᠭᠠᠪᠠ᠃ ᠰᠢᠪᠠᠷ ᠪᠤᠯᠠᠭ ᠤᠨ ᠤᠰᠤ ᠵᠡᠷᠭᠡ ᠡᠭᠢ ᠪᠠᠶᠠᠯᠢᠭ ᠤᠨ ᠲᠠᠪᠠᠭᠤᠯᠢᠭ ᠢ ᠭᠦᠢᠴᠡᠳ ᠠᠰᠢᠬᠯᠠᠵᠤ᠂ ᠷᠠᠰᠢᠶᠠᠨ ᠤᠰᠤᠨ ᠤ ᠦᠢᠯᠡᠳᠪᠤᠷᠢ᠂ ᠪᠡᠶ᠎ᠠ ᠰᠤᠪᠢᠯᠠᠬᠤ ᠤᠷᠳᠤᠨ ᠵᠡᠷᠭᠡ ᠶᠢ ᠪᠠᠶᠢᠭᠤᠯᠬᠤ ᠪᠠᠷ ᠲᠠᠮᠵᠢᠨ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠭᠦᠭᠵᠢᠯᠳᠠ ᠶᠢ ᠠᠭᠢᠭᠤᠯᠪᠠ᠃       ᠮᠠᠯᠴᠢᠨ ᠲᠠᠷᠢᠶᠠᠴᠢᠳ ᠤᠨ ᠪᠤᠳᠠᠳᠤ ᠭᠡᠷᠡᠭᠯᠡᠭᠡᠨ ᠤ ᠮᠡᠷᠭᠡᠵᠢᠯ ᠤᠨ ᠪᠤᠯᠪᠠᠰᠤᠷᠠᠯ ᠤᠨ ᠠᠩᠭᠢ ᠶᠢ ᠲᠤᠬᠳᠠᠬᠰᠠᠨ ᠬᠤᠭᠤᠴᠠᠭ᠎ᠠ ᠲᠠᠢ ᠡᠷᠭᠢᠯᠡᠵᠤ᠂ ᠲᠠᠷᠢᠮᠠᠯ ᠤᠨ ᠴᠢᠳᠠᠪᠤᠷᠢᠳᠠᠨ᠂ ᠲᠡᠵᠢᠭᠡᠪᠤᠷᠢ ᠶᠢᠨ ᠴᠢᠳᠠᠪᠤᠷᠢᠳᠠᠨ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢ ᠪᠤᠯᠪᠠᠰᠤᠷᠠᠭᠤᠯᠬᠤ ᠴᠢᠳᠠᠪᠤᠷᠢᠳᠠᠨ᠂ ᠮᠠᠯᠴᠢᠨ ᠲᠠᠷᠢᠶᠠᠴᠢᠳ ᠤᠨ ᠲᠤᠰᠬᠠᠢ ᠬᠤᠷᠰᠢᠶᠠᠵᠢᠯ ᠤᠨ ᠲᠤᠯᠤᠭᠠᠢᠢᠯᠠᠬᠴᠢ ᠪᠠ ᠲᠠᠷᠢᠶᠠᠯᠠᠩ ᠮᠠᠯ ᠠᠵᠤ ᠠᠬᠤᠢ ᠶᠢ ᠠᠵᠤ ᠦᠢᠯᠡᠰᠵᠢᠭᠦᠯᠭᠦ ᠲᠤᠯᠤᠭᠠᠢᠢᠯᠠᠬᠤ ᠠᠵᠤ ᠠᠬᠤᠢᠢᠯᠠᠯ ᠤᠨ ᠡᠵᠡᠩᠨᠡᠭᠴᠢ ᠶᠢ ᠭᠦᠮᠦᠵᠢᠭᠦᠯᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ ᠴᠢᠬᠤᠯᠠ ᠭᠦᠴᠦᠨ ᠵᠦᠢᠯ ᠪᠤᠯᠭᠠᠪᠠ᠃      ᠮᠠᠯᠴᠢᠨ ᠲᠠᠷᠢᠶᠠᠴᠢᠳ ᠤᠨ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠠᠯᠳᠠ ᠶᠢ ᠰᠤᠷᠤᠯᠴᠠᠵᠤ ᠦᠢᠯᠡᠳᠦᠯᠭᠡᠵᠢᠭᠦᠯᠭᠦ ᠶᠢ ᠢᠳᠡᠪᠭᠢᠳᠠᠢ ᠭᠦᠳᠦᠯᠦᠨ ᠵᠢᠯᠤᠭᠤᠳᠴᠦ᠂ ︽ᠬᠠᠮᠤᠭ ᠤᠨ ᠭᠤᠶᠤ ᠭᠡᠷ ᠪᠦᠯᠢ︾᠂ ︽ᠤᠳᠦᠨ ᠲᠡᠰ ᠤᠨ ᠪᠤᠯᠪᠠᠰᠤᠨ ᠡᠷᠦᠭᠡ︾᠂ ︽ᠲᠡᠷᠭᠡᠳᠡᠭᠢ ᠰᠠᠶᠢᠨ ᠭᠦᠮᠦᠨ︾᠂ ︽ᠰᠠᠶᠢᠨ ᠪᠡᠷᠢ︾᠂ ︽ᠰᠠᠶᠢᠨ ᠬᠠᠳᠠᠮ ᠡᠭᠡ︾ ᠶᠢ ᠦᠨᠠᠯᠠᠨ ᠰᠢᠯᠭᠠᠷᠠᠭᠤᠯᠬᠤ ᠠᠵᠢᠯᠯᠠᠭ᠎ᠠ ᠶᠢ ᠦᠷᠨᠢᠭᠦᠯᠵᠤ᠂ ᠪᠤᠯᠪᠠᠰᠤᠨ ᠭᠡᠪ ᠰᠤᠷᠳᠠᠯ ᠢ ᠰᠤᠷᠳᠠᠯᠴᠢᠯᠠᠪᠠ᠃       ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠴᠢᠨᠠᠷᠵᠢᠯ ᠢ ᠭᠢᠨᠠᠨ ᠰᠢᠯᠭᠠᠷᠠᠭᠤᠯᠬᠤ ᠲᠦᠷᠢᠮ ᠢ ᠲᠤᠬᠳᠠᠭᠠᠵᠤ᠂ ᠠᠶᠢᠯ ᠡᠷᠦᠭᠡ ᠶᠢᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠪᠦᠳᠦᠮᠵᠢᠳᠠᠢ ᠱᠠᠯᠠᠪᠳᠠᠭᠤᠯᠤᠨ ᠪᠠᠶᠢᠴᠠᠭᠠᠵᠤ᠂ ᠠᠮᠢᠳᠤᠯᠢᠭ ᠠᠷᠭ᠎ᠠ ᠭᠡᠯᠪᠠᠷᠢ ᠪᠠᠷ ᠠᠵᠢᠯ ᠤᠨ ᠠᠷᠭ᠎ᠠ ᠪᠠᠨ ᠲᠠᠰᠤᠷᠠᠯᠳᠠ ᠦᠭᠡᠢ ᠰᠢᠨᠠᠴᠢᠯᠠᠨ᠂ ᠦᠵᠠᠯ ᠰᠠᠨᠠᠭ᠎ᠠ ᠲᠠᠨᠢᠯᠳᠠ ᠪᠠᠨ ᠲᠡᠭᠡᠭᠰᠢᠯᠡᠭᠦᠯᠵᠤ᠂ ᠭᠦᠮᠦᠨ ᠪᠦᠭᠦᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠭᠤᠷ ᠠᠮᠢᠰᠬᠤᠯ ᠢ ᠪᠤᠢ ᠪᠤᠯᠭᠠᠨ᠂ ᠤᠷᠴᠢᠨ ᠲᠤᠭᠤᠷᠢᠨ ᠢ ᠴᠡᠭᠴᠡᠯᠨᠨ ᠵᠠᠰᠠᠬᠤ ᠤᠳᠠᠭᠠᠨ ᠲᠠᠭᠠᠭᠠᠮᠠᠭᠠᠢ ᠲᠤᠬᠳᠠᠴᠠ ᠶᠢ ᠪᠠᠶᠢᠭᠤᠯᠪᠠ᠃      ︽ᠠᠷᠪᠠᠨ ᠤᠳᠤᠨ ᠲᠡᠰ︾ ᠤᠨ ᠨᠠᠮ ᠤᠨ ᠵᠤᠭᠢᠶᠠᠨ ᠪᠠᠶᠢᠭᠤᠯᠤᠯᠳᠠ ᠶᠢᠨ ᠦᠢᠯᠡᠴᠢᠯᠡᠭᠡᠨ ᠤ ᠭᠢᠷᠢ ᠲᠦᠪᠰᠢᠨ ᠢ ᠪᠠᠭᠢᠵᠢᠭᠦᠯᠦᠨ ᠲᠡᠭᠡᠭᠰᠢᠯᠡᠭᠦᠯᠵᠤ᠂ ᠨᠠᠮ ᠤᠨ ᠪᠠᠶᠢᠭᠤᠯᠤᠯᠳᠠ ᠪᠠᠷ ᠬᠠᠮᠳᠤ ᠶᠢᠨ ᠠᠵᠤ ᠠᠬᠤᠢ᠂ ᠠᠵᠤ ᠦᠢᠯᠡᠰ ᠤᠨ ᠭᠦᠭᠵᠢᠯᠳᠠ᠂ ᠠᠮᠢ ᠠᠬᠤᠢ ᠶᠢᠨ ᠪᠤᠯᠪᠠᠰᠤᠨ᠂ ᠨᠡᠶᠢᠭᠡᠮ ᠤᠨ ᠵᠠᠰᠠᠯᠳᠠ ᠵᠡᠷᠭᠡ ᠲᠠᠯ᠎ᠠ ᠶᠢ ᠭᠦᠳᠦᠯᠦᠨ ᠵᠢᠯᠤᠭᠤᠳᠬᠤ ᠦᠢᠯᠡᠳᠦᠯ ᠢ ᠪᠠᠳᠠᠷᠠᠭᠤᠯᠪᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号