ᠤᠶᠢᠷ᠎ᠠ ᠳᠤ᠂ ᠲᠦᠪ ᠤᠨ ︽ᠤᠭ ᠰᠠᠨᠠᠭ᠎ᠠ ᠪᠠᠨ ᠦᠯᠥ ᠮᠠᠷᠳᠠᠵᠥ ᠡᠬᠦᠷᠬᠡ ᠬᠠᠷᠢᠭᠤᠴᠠᠯᠭ᠎ᠠ ᠪᠠᠨ ᠪᠡᠳᠤ | ᠴᠡᠬᠡᠵᠢᠯᠡᠬᠦ︾ ᠭᠤᠤᠯ ᠰᠡᠳᠤᠪᠳᠤ ᠬᠦᠮᠥᠵᠢᠯ ᠤᠨ ᠤᠳᠤᠷᠢᠳᠬᠤ ᠲᠤᠭᠤᠶᠢᠯᠠᠩ ︽ᠶᠡᠷᠤᠩᠬᠡᠢ ᠱᠦᠵᠢ ᠰᠢ ᠶᠢᠨ | ᠫᠢᠩ ᠤᠨ ᠲᠦᠪ ᠤᠨ ᠪᠡ ᠲᠦᠷᠦ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠤᠨ ᠬᠤᠷᠡᠯ | ᠲᠡᠬᠡᠷᠡᠬᠢ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠲᠤᠬᠠᠢ ᠮᠡᠳᠡᠭᠳᠡᠯ︾ ᠢ | ᠲᠠᠷᠤᠮᠠᠯᠯᠠᠨ ᠲᠠᠷᠬᠠᠭᠠᠵᠥ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠡᠯ᠎ᠡ ᠨᠢᠬᠡᠴᠢ ᠶᠢᠨ ᠬᠢᠨ ᠶᠡᠷᠤᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠤᠷᠢᠭ ᠰᠠᠨᠠᠭᠠᠨ ᠤ ᠮᠥᠨ ᠴᠢᠨᠠᠷ ᠢ ᠬᠦᠨᠵᠡᠬᠡᠢ ᠰᠤᠷᠤᠯᠴᠠᠨ | ᠤᠶᠢᠯᠠᠭᠠᠵᠥ᠂ ᠬᠠᠷᠢᠴᠠᠭᠤᠯᠵᠥ ᠪᠠᠶᠢᠭᠠᠳ ᠪᠠᠶᠢᠴᠠᠭᠠᠨ ᠵᠠᠳᠠᠯᠬᠤ ᠠᠵᠢᠯ ᠢ ᠰᠠᠶᠢᠳᠤᠷ ᠬᠢᠵᠥ᠂ ᠤᠯᠤᠰ ᠲᠦᠷᠦ ᠶᠢᠨ | ᠪᠠᠶᠢᠭᠤᠯᠤᠯᠳᠠ᠂ ᠦᠵᠡᠯ ᠰᠠᠨᠠᠭᠠᠨ ᠤ ᠪᠠᠶᠢᠭᠤᠯᠤᠯᠳᠠ᠂ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ᠂ | ᠰᠤᠷᠳᠠᠯ ᠤᠨ ᠪᠠᠶᠢᠭᠤᠯᠤᠯᠳᠠ ᠪᠤᠯᠤᠨ ᠰᠠᠬᠢᠯᠭ᠎ᠠ ᠪᠠᠳᠤ ᠶᠢᠨ ᠪᠠᠶᠢᠭᠤᠯᠤᠯᠳᠠ ᠶᠢᠨ ᠲᠡᠯ᠎ᠡ ᠪᠠᠷ ᠤᠷᠤᠰᠢᠵᠥ ᠪᠠᠶᠢᠭ᠎ᠠ | ᠲᠤᠪᠤᠶᠢᠮ᠎ᠠ ᠠᠰᠠᠭᠤᠳᠠᠯ ᠳᠤ ᠬᠠᠨᠳᠤᠭᠤᠯᠤᠨ ᠴᠡᠭᠴᠡᠯᠡᠨ ᠰᠠᠶᠢᠵᠢᠷᠠᠭᠤᠯᠵᠥ ᠨᠠᠶᠢᠳᠠᠪᠤᠷᠢᠵᠢᠭᠤᠯᠬᠤ ᠠᠵᠢᠯ ᠢ ᠦᠨᠡᠨ | ᠬᠦ ᠰᠠᠶᠢᠳᠤᠷ ᠠᠳᠬᠤᠬᠤ ᠬᠡᠷᠡᠭᠳᠡᠢ ᠬᠡᠵᠥ ᠱᠠᠭᠠᠷᠳᠠᠪᠠ᠃ | ᠮᠡᠳᠡᠭᠳᠡᠯ ᠳᠤ᠂ ᠶᠡᠷᠤᠩᠬᠡᠢ ᠱᠦᠵᠢ ᠰᠢ ᠶᠢᠨ ᠫᠢᠩ ᠤᠨ ᠲᠦᠪ ᠤᠨ ᠪᠡ ᠲᠦᠷᠦ ᠶᠢᠨ ᠪᠠᠶᠢᠭᠤᠯᠭ᠎ᠠ ᠶᠢᠨ | ᠨᠠᠮ ᠤᠨ ᠪᠠᠶᠢᠭᠤᠯᠤᠯᠳᠠ ᠶᠢᠨ ᠠᠵᠢᠯ ᠤᠨ ᠬᠤᠷᠡᠯ ᠲᠡᠭᠡᠷᠡᠬᠢ ᠴᠢᠬᠤᠯᠠ ᠶᠠᠷᠢᠶ᠎ᠠ ᠨᠢ ᠰᠢᠨ᠎ᠡ ᠴᠠᠭ ᠦᠶ᠎ᠡ ᠳᠤ | ᠲᠦᠪ ᠤᠨ ᠪᠡ ᠲᠦᠷᠦ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢ ᠴᠢᠩᠭᠠᠳᠬᠠᠬᠤ᠂ ᠭᠤᠤᠯ ᠰᠡᠳᠤᠪᠳᠤ | ᠬᠦᠮᠥᠵᠢᠯ ᠢ ᠬᠦᠨᠵᠡᠬᠡᠢ ᠠᠬᠢᠭᠤᠯᠬᠤ ᠴᠢᠭᠯᠡᠯ ᠢ ᠲᠤᠳᠤᠷᠬᠠᠶᠢᠯᠡᠵᠦ ᠦᠭᠪᠡ᠃ ᠡᠯ᠎ᠡ ᠱᠠᠳᠤᠨ ᠤ ᠨᠠᠮ ᠤᠨ ᠵᠤᠬᠢᠶᠠᠨ | ᠪᠠᠶᠢᠭᠤᠯᠤᠯᠳᠠ ᠨᠠᠮ ᠤᠨ ᠬᠡᠰᠢᠬᠦᠨ ᠺᠠᠳ᠋ᠷᠴᠤᠳ ᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠵᠥ ᠬᠦᠨᠵᠡᠬᠡᠢ ᠰᠤᠷᠤᠯᠴᠠᠨ | ᠨᠡᠪᠳᠡᠷᠡᠳᠡᠯ᠎ᠠ ᠤᠶᠢᠯᠠᠭᠠᠵᠥ᠂ ᠢᠳᠡᠬᠡᠨ ᠪᠢᠰᠢᠷᠡᠵᠥ ᠪᠠᠳᠤᠳᠠᠢ ᠦᠢᠯᠡᠳᠦᠯᠬᠡᠵᠢᠬᠦᠯᠤᠨ᠂ ᠶᠡᠷᠤᠩᠬᠡᠢ ᠱᠦᠵᠢ ᠰᠢ ᠶᠢᠨ | ᠫᠢᠩ ᠤᠨ ᠡᠨᠡ ᠬᠦ ᠴᠢᠬᠤᠯᠠ ᠶᠠᠷᠢᠶᠠᠠ ᠤ ᠲᠤᠬᠠᠢ ᠰᠤᠷᠤᠯᠴᠠᠯᠭ᠎ᠠ ᠶᠢ ᠶᠡᠷᠤᠩᠬᠡᠢ ᠱᠦᠵᠢ ᠰᠢ ᠶᠢᠨ ᠫᠢᠩ ᠤᠨ ᠭᠤᠤᠯ | ᠰᠡᠳᠤᠪᠳᠤ ᠬᠦᠮᠥᠵᠢᠯ ᠤᠨ ᠠᠵᠢᠯ ᠤᠨ ᠬᠤᠷᠡᠯ ᠲᠡᠭᠡᠷᠡᠬᠢ ᠴᠢᠬᠤᠯᠠ ᠶᠠᠷᠢᠶ᠎ᠠ᠂ ᠨᠠᠮ ᠤᠨ ᠲᠦᠪ ᠬᠤᠷᠢᠶᠡᠨ ᠤ ᠤᠯᠤᠰ | ᠲᠦᠷᠦ ᠶᠢᠨ ᠲᠤᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠲᠡᠭᠡᠷᠡᠬᠢ ᠴᠢᠬᠤᠯᠠ | ᠶᠠᠷᠢᠶ᠎ᠠ ᠶᠢ ᠰᠤᠷᠤᠯᠴᠠᠬᠤ ᠲᠠᠢ ᠤᠶᠠᠯᠳᠤᠭᠤᠯᠵᠥ᠂ ᠰᠢᠰᠲ᠋ᠧᠮ ᠲᠠᠢ ᠪᠦᠬᠦ ᠲᠠᠯ᠎ᠠ ᠪᠠᠷ ᠰᠤᠷᠤᠯᠴᠠᠬᠤ᠂ ᠪᠦᠬᠦᠨ ᠢ | ᠤᠶᠢᠯᠠᠭᠠᠵᠤ ᠤᠴᠢᠷ ᠢ ᠨᠢ ᠤᠯᠬᠤ ᠲᠠᠯ᠎ᠠ ᠪᠠᠷ ᠬᠦᠴᠦ ᠤᠷᠤᠭᠤᠯᠬᠤ ᠬᠡᠷᠡᠭᠳᠡᠢ᠃ ᠲᠦᠪ ᠤᠨ ᠪᠡ ᠲᠦᠷᠦ ᠶᠢᠨ | ᠪᠠᠶᠢᠭᠤᠯᠭ᠎ᠠ᠂ ᠮᠤᠵᠢ ᠶᠢᠨ ᠲᠡᠰ ᠤᠨ ᠪᠠᠶᠢᠭᠤᠯᠭ᠎ᠠ ᠪᠤᠯᠤᠨ ᠲᠡᠳ᠋ ᠮᠤᠵᠢ ᠶᠢᠨ ᠲᠡᠰ ᠤᠨ ᠬᠤᠳᠠ ᠶᠢᠨ | ᠪᠠᠶᠢᠭᠤᠯᠭ᠎ᠠ ᠶᠢᠨ ᠬᠢᠨ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠲᠤᠭᠤᠷᠢᠨ ᠳᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠳᠤ ᠲᠤᠯᠭᠠᠷᠠᠵᠥ | ᠪᠠᠶᠢᠭ᠎ᠠ ᠲᠤᠯᠭᠠᠮ᠎ᠠ ᠠᠰᠠᠭᠤᠳᠠᠯ ᠢ ᠰᠢᠢᠳᠪᠤᠷᠢᠯᠡᠬᠦ ᠳᠤ ᠠᠩᠬᠠᠷᠤᠯ ᠢᠶᠠᠨ ᠲᠦᠪᠯᠡᠷᠡᠬᠦᠯᠵᠥ᠂ ᠨᠢᠬᠡᠨ ᠤᠳᠠᠭ᠎ᠠ ᠶᠢᠨ | ᠲᠤᠰᠬᠠᠢ ᠰᠡᠳᠤᠪ ᠢᠶᠠᠷ ᠰᠤᠷᠤᠯᠴᠠᠵᠥ ᠰᠤᠳᠤᠯᠤᠨ ᠶᠠᠷᠢᠯᠴᠠᠬᠤ ᠠᠵᠢᠯ ᠦᠷᠨᠢᠬᠦᠯᠤᠨ᠂ ᠪᠠᠶᠢᠴᠠᠭᠠᠨ ᠰᠤᠳᠤᠯᠤᠯᠳᠡ | ᠬᠢᠵᠥ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠬᠦᠮᠥᠵᠢᠯ ᠢ ᠬᠦᠨᠵᠡᠬᠡᠶᠢᠷᠡᠬᠦᠯᠵᠥ᠂ ︽ᠬᠤᠶᠠᠷ ᠢ ᠬᠠᠮᠠᠭᠠᠯᠠᠬᠤ︾ | ᠶᠢ ᠪᠡᠶᠡᠯᠡᠬᠦᠯᠬᠦ ᠤᠶᠤᠨ ᠤ ᠢᠵᠢᠯᠰᠢᠯ᠂ ᠦᠵᠡᠯ ᠰᠠᠨᠠᠭᠠᠨ ᠤ ᠢᠵᠢᠯᠰᠢᠯ ᠢ ᠦᠨᠡᠨ ᠬᠦ ᠴᠢᠩᠭᠠᠳᠬᠠᠨ᠂ ᠡᠷᠡᠰ | ᠬᠠᠮᠠᠭᠠᠯᠠᠬᠤ ᠲᠤᠬᠳᠠᠯ ᠬᠦᠴᠦᠨ ᠪᠤᠯᠤᠨ ᠴᠢᠳᠠᠪᠤᠷᠢ ᠪᠠᠨ ᠲᠡᠭᠡᠭᠰᠢᠯᠡᠬᠦᠯᠬᠦ ᠬᠡᠷᠡᠭᠳᠡᠢ ᠬᠡᠵᠥ ᠵᠢᠭᠠᠵᠥ ᠭᠠᠷᠭᠠᠪᠠ᠃ | ᠮᠡᠳᠡᠭᠳᠡᠯ ᠳᠤ᠂ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠤᠬᠠᠮᠰᠠᠷ ᠠᠴᠠ ᠪᠠᠨ ᠶᠡᠷᠤᠩᠬᠡᠢ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠠᠷ ᠪᠠᠷᠢᠮᠵᠢᠶᠠᠯᠠᠨ ᠬᠠᠷᠭᠤᠭᠤᠯᠵᠥ᠂ | ᠵᠦᠷᠢᠶ᠎ᠡ ᠪᠠᠨ ᠡᠷᠢᠵᠥ ᠠᠰᠠᠭᠤᠳᠠᠯ ᠢ ᠪᠠᠶᠢᠴᠠᠭᠠᠨ ᠲᠤᠳᠠᠭᠤᠳᠠᠯ ᠢᠶᠠᠨ ᠨᠦᠬᠦᠪᠦᠷᠢᠯᠡᠵᠥ᠂ ᠪᠠᠶᠢᠴᠠᠭᠠᠨ ᠵᠠᠳᠠᠯᠬᠤ | ᠠᠵᠢᠯ ᠢ ᠬᠦᠨᠵᠡᠬᠡᠶᠢᠷᠡᠬᠦᠯᠬᠦ ᠬᠡᠷᠡᠭᠳᠡᠢ᠃ ᠲᠦᠪ ᠤᠨ ᠪᠠ ᠲᠦᠷᠦ ᠶᠢᠨ ᠪᠠᠶᠢᠭᠤᠯᠭ᠎ᠠ᠂ ᠮᠤᠵᠢ ᠶᠢᠨ ᠲᠡᠰ ᠤᠨ | ᠪᠠᠶᠢᠭᠤᠯᠭ᠎ᠠ ᠪᠤᠯᠤᠨ ᠲᠡᠳ᠋ ᠮᠤᠵᠢ ᠶᠢᠨ ᠲᠡᠰ ᠤᠨ ᠬᠤᠳᠠ ᠶᠢᠨ ᠪᠠᠶᠢᠭᠤᠯᠭ᠎ᠠ ᠶᠢᠨ ᠬᠢᠨ ︽ᠬᠤᠶᠠᠷ ᠢ ᠬᠠᠮᠠᠭᠠᠯᠠᠬᠤ︾ | ᠶᠢ ᠪᠡᠶᠡᠯᠡᠬᠦᠯᠬᠦ ᠲᠡᠯ᠎ᠡ ᠪᠠᠷ ᠬᠢ ᠵᠦᠷᠢᠶ᠎ᠡ ᠪᠠᠨ ᠭᠤᠤᠯᠳᠠᠯᠭ᠎ᠠ ᠲᠠᠢ ᠪᠠᠶᠢᠴᠠᠭᠠᠨ ᠡᠷᠢᠵᠥ᠂ ᠨᠠᠮ ᠤᠨ ᠲᠦᠪ | ᠬᠤᠷᠢᠶᠡᠨ ᠤ ᠰᠠᠨᠠᠭᠠᠴᠢᠯᠠᠭ᠎ᠠ ᠶᠢ ᠡᠷᠡᠰ ᠴᠤᠤᠷᠢᠶᠠᠳᠤᠨ᠂ ᠨᠠᠮ ᠤᠨ ᠲᠦᠪ ᠬᠤᠷᠢᠶᠡᠨ ᠤ ᠲᠤᠭᠳᠠᠭᠠᠯ ᠢ ᠡᠷᠡᠰ | ᠬᠡᠷᠡᠭᠵᠢᠬᠦᠯᠵᠥ᠂ ᠨᠠᠮ ᠤᠨ ᠲᠦᠪ ᠬᠤᠷᠢᠶᠡᠨ ᠠᠴᠠ ᠴᠠᠭᠠᠵᠠᠯᠠᠭᠰᠠᠨ ᠢ ᠡᠷᠡᠰ ᠰᠠᠬᠢᠭᠰᠠᠨ ᠡᠰᠡᠬᠦ ᠶᠢ ᠦᠵᠡᠬᠦ ᠬᠡᠷᠡᠭᠳᠡᠢ | ︔ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠬᠤ ᠲᠠᠯ᠎ᠡ ᠪᠠᠷ ᠬᠢ ᠵᠦᠷᠢᠶ᠎ᠡ ᠪᠠᠨ ᠡᠷᠢᠵᠦ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠠᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠨᠡᠨ | ᠬᠦ ᠰᠤᠷᠤᠯᠴᠠᠬᠤ ᠦᠨᠡᠨ ᠬᠦ ᠤᠶᠢᠯᠠᠭᠠᠬᠤ ᠦᠨᠡᠨ ᠬᠦ ᠢᠳᠡᠭᠡᠬᠦ ᠦᠨᠡᠨ ᠬᠦ ᠭᠡᠷᠡᠭᠯᠡᠬᠦ ᠲᠡᠭᠡᠷ᠎ᠡ ᠬᠦᠴᠤ ᠤᠷᠤᠭᠤᠯᠵᠤ | ᠪᠠᠶᠢᠬᠤ ᠡᠰᠡᠬᠦ ᠶᠢ ᠦᠵᠡᠬᠦ ᠬᠡᠷᠡᠭᠳᠠᠢ︔ ᠦᠨᠳᠤᠰᠤᠨ ᠱᠠᠳᠤᠨ ᠤ ᠰᠠᠭᠤᠷᠢ ᠶᠢ ᠪᠠᠬᠢᠵᠢᠬᠦᠯᠬᠦ ᠲᠠᠯ᠎ᠡ ᠪᠠᠷ ᠬᠢ | ᠵᠦᠷᠢᠶ᠎ᠡ ᠪᠠᠨ ᠡᠷᠢᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠳᠤ ︽ᠲᠡᠷᠭᠡᠳᠡᠬᠢ ᠠᠰᠠᠭᠤᠳᠠᠯ ᠢᠶᠠᠨ ᠤᠯᠵᠤ | ᠬᠠᠷᠠᠬᠤ ᠦᠭᠡᠢ︾ ᠪᠠᠶᠢᠬᠤ ᠠᠰᠠᠭᠤᠳᠠᠯ ᠤᠷᠤᠰᠢᠵᠤ ᠪᠠᠶᠢᠬᠤ ᠡᠰᠡᠬᠦ ᠶᠢ ᠦᠵᠡᠬᠦ ᠬᠡᠷᠡᠭᠳᠠᠢ︔ ᠰᠤᠷᠳᠠᠯ ᠢ ᠲᠦᠪ | ᠪᠤᠯᠭᠠᠵᠤ ᠰᠠᠬᠢᠯᠭ᠎ᠠ ᠪᠠᠳᠤ ᠶᠢ ᠴᠢᠩᠳᠠᠯᠠᠬᠤ ᠲᠠᠯ᠎ᠡ ᠪᠠᠷ ᠬᠢ ᠵᠦᠷᠢᠶ᠎ᠡ ᠪᠠᠨ ᠡᠷᠢᠵᠤ᠂ ᠬᠡᠯᠪᠡᠷᠢᠴᠢ ᠦᠵᠡᠯ᠂ ᠨᠤᠶᠠᠨᠴᠢ | ᠰᠤᠷᠳᠠᠯ ᠢ ᠡᠷᠡᠰ ᠲᠠᠪᠴᠢᠭᠰᠡᠨ ᠡᠰᠡᠬᠦ᠂ ᠴᠢᠩᠭ᠎ᠠ ᠪᠠᠶᠢᠬᠤ ᠶᠢ ᠪᠠᠷᠢᠮᠳᠠᠯᠠᠵᠤ᠂ ᠨᠠᠮ ᠤᠨ ᠭᠡᠰᠢᠬᠦᠨ | ᠺᠠᠳ᠋ᠷᠴᠤᠳ ᠲᠠᠬᠢ ᠪᠦᠬᠦ ᠲᠠᠯ᠎ᠡ ᠶᠢᠨ ᠬᠠᠮᠢᠶᠠᠷᠤᠯᠳᠠ ᠬᠢᠨᠠᠯᠳᠠ ᠶᠢ ᠴᠢᠩᠭᠠᠳᠬᠠᠵᠤ᠂ ᠢᠯᠵᠡᠷᠠᠬᠤ ᠠᠴᠠ ᠵᠢᠷᠦᠬᠡᠰᠢᠶᠡᠬᠦ᠂ | ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ | ᠠᠬᠢᠭᠤᠯᠤᠬᠰᠡᠨ ᠡᠰᠡᠬᠦ ᠶᠢ ᠦᠵᠡᠬᠦ ᠬᠡᠷᠡᠭᠳᠠᠢ︔ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠡᠶᠢᠳᠠᠪᠤᠷᠢᠵᠢᠭᠤᠯᠬᠤ | ᠲᠠᠯ᠎ᠡ ᠪᠠᠷ ᠬᠢ ᠵᠦᠷᠢᠶ᠎ᠡ ᠪᠠᠨ ᠡᠷᠢᠵᠤ᠂ ᠬᠠᠷᠢᠭᠤᠴᠠᠯᠭ᠎ᠠ ᠶᠢᠨ ᠲᠦᠷᠢᠮ ᠭᠡᠬᠦ ︽ᠵᠠᠩᠭᠢᠯᠠᠭ᠎ᠠ︾ ᠶᠢ ᠴᠢᠩᠭ᠎ᠠ | ᠡᠵᠡᠮᠳᠡᠨ᠂ ᠬᠠᠷᠢᠭᠤᠴᠠᠯᠭ᠎ᠠ ᠶᠢ ᠲᠤᠳᠤᠷᠬᠠᠢ ᠪᠤᠯᠭᠠᠭᠰᠠᠨ ᠡᠰᠡᠬᠦ᠂ ᠬᠠᠷᠢᠭᠤᠴᠠᠯᠭ᠎ᠠ ᠪᠠᠨ ᠪᠡᠶᠡᠯᠡᠬᠦᠯᠦᠭᠰᠡᠨ ᠡᠰᠡᠬᠦ᠂ | ᠬᠠᠷᠢᠭᠤᠴᠠᠯᠭ᠎ᠠ ᠪᠠᠨ ᠬᠦᠢᠴᠡᠳᠭᠡᠭᠰᠡᠨ ᠡᠰᠡᠬᠦ ᠶᠢ ᠦᠵᠡᠬᠦ ᠬᠡᠷᠡᠭᠳᠠᠢ ᠭᠡᠵᠦ ᠱᠠᠭᠠᠷᠳᠠᠪᠠ᠃ | ᠮᠡᠳᠡᠭᠳᠡᠯ ᠳᠤ᠂ ᠶᠡᠷᠤᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠱᠠᠭᠠᠷᠳᠠᠯᠭ᠎ᠠ ᠶᠤᠰᠤᠭᠠᠷ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠤ ᠭᠡᠷᠡᠭᠳᠠᠢ᠃ ᠡᠯ᠎ᠡ ᠱᠠᠳᠤᠨ ᠤ | ᠨᠠᠮ ᠤᠨ ᠵᠤᠬᠢᠶᠠᠨ ᠪᠠᠶᠢᠭᠤᠯᠤᠯᠳᠠ ᠬᠢᠳᠤᠭᠠᠨ ᠤ ᠢᠷ ᠢᠶᠠᠨ ᠲᠤᠳᠤᠬᠰᠢ ᠬᠠᠨᠳᠤᠭᠤᠯᠵᠤ ᠦᠪᠡᠷ ᠤᠨ ᠪᠡᠶ᠎ᠡ ᠳᠡᠭᠡᠨ | ᠬᠤᠪᠢᠰᠬᠠᠯ ᠬᠢᠬᠦ ᠵᠤᠷᠢᠭ ᠰᠠᠨᠠᠭ᠎ᠠ ᠶᠢ ᠪᠠᠳᠠᠷᠠᠭᠤᠯᠵᠤ᠂ ᠤᠯᠤᠰ ᠲᠦᠷᠦ ᠶᠢᠨ ᠪᠠᠶᠢᠭᠤᠯᠤᠯᠳᠠ᠂ ᠦᠵᠡᠯ ᠰᠠᠨᠠᠭᠠᠨ ᠤ | ᠪᠠᠶᠢᠭᠤᠯᠤᠯᠳᠠ᠂ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ᠂ ᠰᠤᠷᠳᠠᠯ ᠤᠨ ᠪᠠᠶᠢᠭᠤᠯᠤᠯᠳᠠ ᠪᠤᠯᠤᠨ ᠰᠠᠬᠢᠯᠭ᠎ᠠ | ᠪᠠᠳᠤ ᠶᠢᠨ ᠪᠠᠶᠢᠭᠤᠯᠤᠯᠳᠠ ᠵᠡᠷᠭᠡ ᠲᠠᠯ᠎ᠡ ᠳᠤ ᠤᠷᠤᠰᠢᠵᠤ ᠪᠠᠶᠢᠭ᠎ᠠ ᠲᠤᠪᠤᠶᠢᠮ᠎ᠡ ᠠᠰᠠᠭᠤᠳᠠᠯ ᠳᠤ ᠴᠢᠭᠯᠡᠬᠦᠯᠤᠨ | ᠬᠠᠳᠠᠭᠠᠰᠤ ᠬᠠᠳᠠᠬᠤ ᠵᠤᠷᠢᠭ ᠰᠠᠨᠠᠭ᠎ᠠ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠳᠤᠷ | ᠠᠳᠬᠤᠬᠤ ᠭᠡᠷᠡᠭᠳᠠᠢ᠃ ᠲᠦᠪ ᠤᠨ ᠪᠠ ᠲᠦᠷᠦ ᠶᠢᠨ ᠪᠠᠶᠢᠭᠤᠯᠭ᠎ᠠ᠂ ᠮᠤᠵᠢ ᠶᠢᠨ ᠲᠡᠰ ᠤᠨ ᠪᠠᠶᠢᠭᠤᠯᠭ᠎ᠠ ᠪᠠ ᠲᠡᠳ᠋ | ᠮᠤᠵᠢ ᠶᠢᠨ ᠲᠠᠰ ᠤᠨ ᠬᠤᠳᠠ ᠶᠢᠨ ᠪᠠᠶᠢᠭᠤᠯᠭ᠎ᠠ ᠨᠢ ᠤᠯᠤᠰ ᠲᠦᠷᠦ ᠶᠢᠨ ᠪᠠᠶᠢᠭᠤᠯᠭ᠎ᠠ ᠶᠢᠨ ᠢᠯᠡ ᠲᠤᠳᠤ ᠮᠦᠨ | ᠴᠢᠨᠠᠷ ᠢᠶᠠᠨ ᠪᠠᠷᠢᠮᠳᠠᠯᠠᠵᠤ᠂ ︽ᠬᠤᠶᠠᠷ ᠢ ᠬᠠᠮᠠᠭᠠᠯᠠᠬᠤ︾ ᠶᠢ ᠨᠠᠮ ᠤᠨ ᠲᠦᠪ ᠬᠤᠷᠢᠶᠠᠨ ᠤ ᠰᠢᠢᠳᠪᠤᠷᠢᠳᠤ | ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠲᠤᠭᠤᠰᠢᠯᠠᠭᠤᠯᠬᠤ ᠠᠵᠢᠯᠯᠠᠭ᠎ᠠ ᠲᠡᠭᠡᠷ᠎ᠡ ᠢᠯᠡᠷᠡᠬᠦᠯᠵᠤ᠂ ᠲᠤᠰᠢᠶᠠᠯ | ᠬᠠᠷᠢᠭᠤᠴᠠᠯᠭ᠎ᠠ ᠪᠠᠨ ᠬᠦᠢᠴᠡᠳᠭᠡᠬᠦ᠂ ᠲᠤᠬᠠᠶᠢᠯᠠᠬᠰᠡᠨ ᠠᠵᠢᠯ ᠢᠶᠠᠨ ᠰᠠᠶᠢᠳᠤᠷ ᠬᠢᠬᠦ ᠪᠤᠳᠠᠳᠠᠢ ᠦᠷ᠎ᠡ ᠪᠦᠳᠦᠮᠵᠢ | ᠲᠡᠭᠡᠷ᠎ᠡ ᠢᠯᠡᠷᠡᠬᠦᠯᠵᠤ᠂ ᠨᠠᠮ ᠤᠨ ᠭᠡᠰᠢᠬᠦᠨ ᠺᠠᠳ᠋ᠷᠴᠤᠳ ᠤᠨ ᠡᠳᠦᠷ ᠲᠤᠳᠤᠮ ᠤᠨ ᠦᠭᠡ ᠶᠠᠷᠢᠶ᠎ᠡ ᠦᠢᠯᠡ | ᠠᠵᠢᠯᠯᠠᠭ᠎ᠠ ᠲᠡᠭᠡᠷ᠎ᠡ ᠢᠯᠡᠷᠡᠬᠦᠯᠬᠦ ᠭᠡᠷᠡᠭᠳᠠᠢ᠃ ᠵᠤᠷᠢᠬᠳᠠᠢ ᠪᠠᠷ ᠠᠰᠠᠭᠤᠳᠠᠯ ᠳᠤ ᠰᠢᠭᠤᠳ ᠬᠠᠨᠳᠤᠨ᠂ ᠠᠰᠠᠭᠤᠳᠠᠯ ᠢ | ᠦᠨᠡᠨ ᠬᠦ ᠰᠢᠢᠳᠪᠤᠷᠢᠯᠡᠵᠤ᠂ ᠡᠮ ᠵᠠᠷᠤᠵᠤ ᠮᠠᠰᠡ ᠵᠠᠰᠠᠯ ᠬᠢᠬᠦ ᠶᠢᠨ ᠡᠪᠡᠳᠴᠢᠨ ᠵᠠᠰᠠᠬᠤ ᠠᠷᠭ᠎ᠠ ᠪᠤᠯᠤᠨ | ᠡᠷᠬᠡᠳᠡᠨ ᠢᠶᠠᠨ ᠰᠠᠶᠢᠵᠢᠷᠠᠭᠤᠯᠬᠤ ᠶᠢᠨ ᠪᠠᠶ᠎ᠡ ᠮᠠᠬᠠᠪᠤᠳ ᠢᠶᠠᠨ ᠴᠢᠬᠢᠷᠠᠬᠵᠢᠭᠤᠯᠬᠤ ᠠᠷᠭ᠎ᠠ ᠶᠢ ᠰᠠᠶᠢᠳᠤᠷ ᠭᠡᠷᠡᠭᠯᠡᠬᠦ | ᠭᠡᠷᠡᠭᠳᠠᠢ᠃ ᠠᠵᠢᠯ ᠬᠢᠵᠤ ᠦᠢᠯᠡᠰ ᠪᠤᠰᠬᠠᠬᠤ ᠴᠤᠭ ᠰᠦᠯᠳᠠ ᠬᠦᠷᠦᠯᠴᠡᠬᠦ ᠦᠭᠡᠢ ᠪᠠᠶᠢᠬᠤ᠂ ᠤᠯᠵᠤ ᠠᠯᠳᠠᠬᠤ ᠶᠢ | ᠳᠡᠩᠳᠡᠭᠦᠦ ᠪᠤᠳᠤᠯᠬᠢᠯᠠᠬᠤ᠂ ᠬᠠᠷᠢᠭᠤᠴᠠᠯᠭ᠎ᠠ ᠡᠬᠦᠷᠭᠡᠯᠡᠬᠦ ᠦᠭᠡᠢ ᠵᠢᠳᠬᠦᠯ ᠴᠢᠷᠮᠠᠶᠢᠯᠭ᠎ᠠ ᠭᠠᠷᠭᠠᠬᠤ ᠦᠭᠡᠢ ᠵᠡᠷᠭᠡ | ᠠᠰᠠᠭᠤᠳᠠᠯ ᠢ ᠬᠦᠴᠦᠯᠠᠨ ᠴᠡᠭᠴᠡᠯᠡᠨ ᠰᠠᠶᠢᠵᠢᠷᠠᠭᠤᠯᠵᠤ᠂ ᠠᠷᠢᠭᠤᠨ ᠴᠡᠪᠡᠷ ᠪᠠ ᠡᠬᠦᠷᠭᠡᠯᠡᠯ᠂ ᠠᠵᠢᠯᠴᠢ ᠵᠠᠰᠠᠭ ᠪᠠ | ᠴᠢᠭᠡᠴᠢ ᠵᠠᠰᠠᠭ ᠢ ᠨᠢᠭᠡᠳᠭᠡᠨ᠂ ᠨᠠᠮ ᠤᠨ ᠭᠡᠰᠢᠬᠦᠨ ᠺᠠᠳ᠋ᠷᠴᠤᠳ ᠤᠨ ᠵᠤᠷᠢᠬᠳᠠᠢ ᠪᠠᠷ ᠬᠦᠨᠳᠤ ᠡᠬᠦᠷᠭᠡ ᠡᠬᠦᠷᠭᠡᠯᠡᠬᠦ᠂ | ᠬᠦᠴᠢᠷ ᠠᠰᠠᠭᠤᠳᠠᠯ ᠢ ᠰᠢᠢᠳᠪᠤᠷᠢᠯᠡᠬᠦ᠂ ᠲᠤᠯᠭᠠᠮ ᠡᠬᠦᠷᠭᠡ ᠶᠢ ᠲᠤᠰᠴᠦ ᠠᠪᠬᠤ ᠶᠢ ᠵᠤᠷᠢᠭᠵᠢᠭᠤᠯᠵᠤ᠂ ᠮᠤᠩᠬᠠᠭ | ᠨᠤᠶᠠᠨ᠂ ᠬᠤᠶᠢᠷᠭᠤ ᠨᠤᠶᠠᠨ᠂ ᠦᠭᠡᠨᠴᠠ ᠨᠤᠶᠠᠨ᠂ ᠠᠪᠯᠢᠭᠠᠴᠢ ᠨᠤᠶᠠᠨ ᠪᠤᠯᠬᠤ ᠦᠭᠡᠢ ᠪᠠᠶᠢᠬᠤ ᠶᠢ ᠪᠡᠶᠡᠯᠡᠬᠦᠯᠬᠦ | ᠭᠡᠷᠡᠭᠳᠠᠢ ᠭᠡᠵᠤ ᠴᠢᠬᠤᠯᠠᠴᠢᠯᠠᠪᠠ᠃ | ᠮᠡᠳᠡᠭᠳᠡᠯ ᠳᠤ᠂ ︽ᠦᠨᠳᠦᠰᠦᠨ ᠱᠠᠳᠤᠨ ᠤ ᠲᠠᠷᠤᠭᠠᠰᠤ ᠶᠢ ᠬᠦᠡᠭᠭᠡᠷᠡᠬᠦᠯᠬᠦ ᠤᠨ︾ ᠤ ᠱᠠᠭᠠᠷᠳᠠᠯᠭ᠎ᠠ | ᠶᠤᠰᠤᠭᠠᠷ ᠬᠡᠯᠪᠡᠷᠢᠴᠢ ᠦᠵᠡᠯ ᠤᠨ ᠶᠡᠭᠡ ᠪᠠᠶᠢᠴᠠᠭᠠᠯᠳᠠ ᠶᠢ ᠲᠦᠷᠦᠬᠦᠯᠠᠨ ᠦᠷᠨᠢᠬᠦᠯᠵᠤ᠂ ᠱᠠᠳᠤ ᠱᠠᠳᠤ ᠪᠠᠷ | ᠮᠠᠲ᠋ᠧᠷᠢᠶᠠᠯ ᠲᠡᠷᠬᠠᠭᠠᠬᠤ᠂ ᠱᠠᠳᠤ ᠱᠠᠳᠤ ᠪᠠᠷ ᠬᠤᠷᠠᠯ ᠬᠢᠬᠦ᠂ ᠱᠠᠯᠠᠪᠳᠠᠭᠤᠯᠤᠨ ᠪᠠᠶᠢᠴᠠᠭᠠᠬᠤ ᠬᠢᠨᠠᠨ ᠪᠠᠶᠢᠴᠠᠭᠠᠬᠤ | ᠰᠢᠯᠭᠠᠨ ᠪᠠᠶᠢᠴᠠᠭᠠᠬᠤ ᠨᠢ ᠭᠡᠳᠤ ᠤᠯᠠᠨ ᠵᠡᠷᠭᠡ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠵᠤ᠂ ᠨᠢᠭᠡ ᠨᠢᠭᠡ | ᠵᠦᠢᠯ ᠢᠶᠠᠷ ᠪᠤᠳᠠᠳᠠᠢ ᠠᠳᠬᠤᠵᠤ ᠴᠡᠭᠴᠡᠯᠡᠨ ᠰᠠᠶᠢᠵᠢᠷᠠᠭᠤᠯᠬᠤ ᠭᠡᠷᠡᠭᠳᠠᠢ᠃ ᠪᠠᠶᠢᠭᠤᠯᠭ᠎ᠠ ᠶᠢᠨ ᠨᠠᠮ ᠤᠨ | ᠪᠠᠶᠢᠭᠤᠯᠤᠯᠳᠠ ᠶᠢᠨ ︽ᠲᠡᠷᠭᠡᠳᠡᠬᠢ ᠠᠰᠠᠭᠤᠳᠠᠯ ᠢᠶᠠᠨ ᠤᠯᠵᠤ ᠬᠠᠷᠠᠬᠤ ᠦᠭᠡᠢ︾ ᠪᠠᠶᠢᠬᠤ ᠠᠰᠠᠭᠤᠳᠠᠯ ᠢ ᠡᠷᠡᠰ | ᠴᠡᠭᠴᠡᠯᠡᠨ ᠰᠠᠶᠢᠵᠢᠷᠠᠭᠤᠯᠵᠤ᠂ ᠡᠷᠡᠰ ᠪᠠᠳᠤ ᠬᠦᠴᠦᠨ ᠲᠠᠢ ᠪᠠᠶᠢᠭᠤᠯᠭ᠎ᠠ ᠶᠢᠨ ᠦᠨᠳᠦᠰᠤᠨ ᠱᠠᠳᠤᠨ ᠤ ᠨᠠᠮ ᠤᠨ | ᠵᠤᠬᠢᠶᠠᠨ ᠪᠠᠶᠢᠭᠤᠯᠤᠯᠳᠠ ᠶᠢ ᠲᠠᠪᠳᠠᠨ ᠪᠤᠯᠪᠠᠰᠤᠷᠠᠭᠤᠯᠵᠤ᠂ ᠨᠠᠮ ᠤᠨ ᠭᠡᠰᠢᠬᠦᠨ ᠨᠢᠭᠡ ᠪᠦᠷᠢ ᠶᠢ ᠬᠤᠷᠴᠠ ᠰᠤᠷᠭᠤᠭ | ᠲᠤᠭ ᠲᠡᠮᠳᠡᠭ ᠪᠤᠯᠭᠠᠨ᠂ ᠨᠠᠮ ᠤᠨ ᠡᠬᠦᠷ ᠨᠢᠭᠡ ᠪᠦᠷᠢ ᠶᠢ ᠨᠠᠮ ᠤᠨ ᠲᠤᠭ ᠢ ᠦᠨᠳᠦᠷ ᠳᠤ ᠮᠠᠨᠳᠤᠭᠤᠯᠬᠤ ᠲᠠᠶᠢᠴᠢᠨ | ᠪᠠᠬᠢᠯᠠᠯᠳᠠ ᠪᠤᠯᠭᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃ |