ᠮᠠᠨ ᠤ ᠬᠤᠰᠢᠭᠤ ᠤᠯᠤᠰ ᠤᠨ 5A ᠲᠡᠰ ᠤᠨ ᠵᠤᠭᠠᠴᠠᠯ ᠤᠨ ᠤᠷᠤᠨ ᠢ ᠡᠭᠦᠳᠦᠨ ᠪᠠᠶᠢᠭᠤᠯᠬᠤ ᠠᠵᠢᠯ ᠢᠶᠠᠨ ᠡᠷᠴᠢᠮᠳᠡᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2019-07-17
     ᠤᠢᠢᠷ᠎ᠠ ᠶᠢᠨ ᠡᠳᠦᠷ᠂ ᠪᠡᠭᠡᠵᠢᠩ ᠤᠨ ᠲᠤᠰᠬᠠᠢ ᠮᠡᠷᠭᠡᠵᠢᠯᠳᠡᠨ ᠤ ᠲᠤᠭᠤᠢᠢᠯᠠᠩ ᠮᠠᠨ ᠤ ᠬᠤᠰᠢᠭᠤᠨ ᠤ ᠰᠢᠷᠬᠤᠰᠤᠨ ᠤ ᠵᠤᠭᠠᠴᠠᠯ ᠤᠨ ᠦᠵᠡᠮᠵᠢ ᠶᠢᠨ ᠤᠷᠤᠨ ᠳᠤ ᠬᠦᠷᠴᠤ ᠪᠠᠶᠢᠴᠠᠭᠠᠨ ᠰᠤᠳᠤᠯᠤᠯᠳᠠ ᠬᠢᠵᠤ᠂ ᠦᠵᠡᠮᠵᠢ ᠶᠢᠨ ᠤᠷᠤᠨ ᠤ ᠤᠳᠤᠬᠢ ᠪᠠᠶᠢᠳᠠᠯ ᠪᠠ ᠤᠯᠤᠰ ᠤᠨ 5 A ᠲᠡᠰ ᠤᠨ ᠦᠵᠡᠮᠵᠢ ᠶᠢᠨ ᠤᠷᠤᠨ ᠢ ᠭᠤᠶᠤᠴᠢᠯᠠᠨ ᠮᠡᠳᠡᠬᠦᠯᠬᠦ ᠶᠠᠪᠤᠴᠠ ᠳᠤ ᠤᠷᠤᠰᠢᠵᠤ ᠪᠠᠶᠢᠭ᠎ᠠ ᠠᠰᠠᠭᠤᠳᠠᠯ ᠢ ᠨᠠᠷᠢᠯᠢᠭ ᠤᠢᠢᠯᠠᠭᠠᠭᠰᠠᠨ ᠪᠠᠶᠢᠨ᠎ᠠ᠃ ᠲᠤᠰᠬᠠᠢ ᠮᠡᠷᠭᠡᠵᠢᠯᠳᠡᠨ ᠤ ᠲᠤᠭᠤᠢᠢᠯᠠᠩ ᠨᠢ ᠦᠵᠡᠮᠵᠢ ᠶᠢᠨ ᠤᠷᠤᠨ ᠤ ᠪᠤᠳᠠᠳᠠᠢ ᠪᠠᠶᠢᠳᠠᠯ ᠢ ᠦᠨᠳᠦᠰᠦᠯᠡᠨ ᠭᠤᠶᠤᠴᠢᠯᠠᠨ ᠮᠡᠳᠡᠬᠦᠯᠬᠦ ᠶᠠᠪᠤᠴᠠ ᠪᠠ ᠤᠳᠤᠬᠢ ᠱᠠᠳᠤᠨ ᠳᠤ ᠪᠡᠯᠡᠳᠭᠡᠬᠦ ᠴᠢᠬᠤᠯᠠᠳᠠᠢ ᠠᠵᠢᠯ ᠢ ᠲᠤᠷᠠᠳᠤᠨ ᠭᠠᠷᠭᠠᠵᠠᠢ᠃      ᠰᠢᠷᠬᠤᠰᠤᠨ ᠤ ᠵᠤᠭᠠᠴᠠᠯ ᠤᠨ ᠤᠷᠤᠨ ᠤ ᠲᠦᠯᠦᠪᠵᠢᠬᠦᠯᠭᠡ ᠶᠢᠨ ᠲᠠᠯᠠᠪᠠᠢ ᠨᠢ 230 ᠳᠡᠭᠰᠢ ᠲᠦᠷᠪᠡᠯᠵᠢᠨ ᠺᠢᠯᠤᠮᠧᠲᠷ᠂ ᠤᠰᠤᠨ ᠤ ᠲᠠᠯᠠᠪᠠᠢ ᠨᠢ 1.3 ᠲᠦᠮᠡᠨ ᠮᠦ᠂ ᠡ᠊ᠨᠳᠡᠬᠢ ᠨᠢ ᠤᠯᠤᠰ ᠤᠨ ᠲᠡᠰ ᠤᠨ ᠬᠠᠭᠤᠴᠢ ᠰᠤᠳᠤᠯᠤᠯ ᠤᠨ ᠪᠠᠭᠤᠷᠢ᠂ ᠤᠯᠤᠰ ᠤᠨ ᠲᠡᠰ ᠤᠨ ᠨᠤᠭᠤ ᠭᠠᠵᠠᠷ ᠤᠨ ᠴᠡᠴᠡᠷᠯᠢᠭ᠂ ᠤᠯᠤᠰ ᠤᠨ ᠲᠡᠰ ᠤᠨ ᠭᠠᠵᠠᠷ ᠰᠢᠨᠵᠢᠯᠡᠭᠡᠨ ᠤ ᠴᠡᠴᠡᠷᠯᠢᠭ᠂ ᠤᠯᠤᠰ ᠤᠨ 4A ᠲᠡᠰ ᠤᠨ ᠦᠵᠡᠮᠵᠢ ᠶᠢᠨ ᠤᠷᠤᠨ ᠪᠠ ᠤᠯᠤᠰ ᠤᠨ ᠲᠡᠰ ᠤᠨ ᠤᠰᠤᠨ ᠠᠰᠢᠭᠯᠠᠯᠳᠠ ᠶᠢᠨ ᠦᠵᠡᠮᠵᠢ ᠶᠢᠨ ᠤᠷᠤᠨ ᠪᠤᠯᠤᠨ᠎ᠠ᠂ ᠮᠦᠨ ᠴᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠤᠷᠪᠠᠳᠤᠭᠠᠷ ᠪᠦᠯᠦᠭ ᠤᠨ ᠰᠤᠶᠤᠯ ᠤᠨ ᠠᠵᠤ ᠦᠢᠯᠡᠰ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠪᠤᠯᠤᠨ᠎ᠠ᠃ ᠵᠤᠭᠠᠴᠠᠯ ᠤᠨ ᠤᠷᠤᠨ ᠨᠢ ᠪᠠᠳᠤ ᠶᠢᠨ ᠲᠤᠬᠤᠢ ᠶᠢᠨ ᠦᠵᠡᠮᠵᠢ ᠶᠢᠨ ᠤᠷᠤᠨ᠂ ᠰᠢᠷᠬᠤᠰᠤᠨ ᠤ ᠪᠠᠭᠤᠷᠢ ᠵᠡᠷᠭᠡ ᠳᠤ ᠲᠦᠰᠢᠭᠯᠡᠵᠤ᠂ ᠰᠢᠷ᠎ᠠ ᠬᠦᠷᠦᠰᠦᠳᠦ ᠦᠨᠳᠦᠷᠯᠢᠭ ᠪᠠ ᠮᠤᠤᠠᠤᠰᠤ ᠶᠢᠨ ᠡᠯᠡᠰᠦ ᠪᠠᠷ ᠠᠷᠤ ᠦᠵᠡᠭᠳᠡᠯ ᠪᠤᠯᠭᠠᠨ᠂ ᠠᠭᠤᠯᠠ ᠤᠰᠤ ᠡᠯᠡᠰᠦ ᠵᠡᠷᠭᠡ ᠪᠠᠶᠢᠭᠠᠯᠢ ᠶᠢᠨ ᠦᠵᠡᠮᠵᠢ ᠪᠠ ᠤᠷᠳᠤ ᠤᠳᠠᠭᠠᠨ ᠲᠡᠤᠭᠡ ᠰᠤᠶᠤᠯ ᠢᠶᠠᠨ ᠠᠰᠢᠭᠯᠠᠨ ᠤᠮᠠᠷᠠᠳᠤ ᠤᠷᠤᠨ ᠤ ᠦᠪᠡᠷᠮᠢᠴᠡ ᠤᠨᠴᠠᠯᠢᠭᠳᠤ ᠵᠤᠭᠠᠴᠠᠯ ᠤᠨ ᠲᠠᠷᠬᠠᠨ ᠤᠷᠤᠨ ᠪᠤᠯᠤᠭᠰᠠᠨ ᠪᠠᠶᠢᠨ᠎ᠠ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号