ᠶᠡᠷᠦᠩᠬᠡᠢ ᠱᠦᠵᠢ ᠰᠢ ᠶᠢᠨ ᠫᠢᠩ ᠦᠪᠦᠷ ᠮᠤᠩᠭᠤᠯ ᠳᠤ ᠪᠠᠶᠢᠴᠠᠭᠠᠨ ᠰᠤᠳᠤᠯᠤᠯᠲᠠ ᠬᠢᠵᠤ ᠪᠤᠢ
ᠨᠡᠶᠢᠲᠡᠯᠡᠭᠰᠡᠨ ᠴᠠᠭ᠄
2019-07-17
     ᠶᠡᠷᠦᠩᠬᠡᠢ ᠱᠦᠵᠢ ᠰᠢ ᠶᠢᠨ ᠫᠢᠩ 15 ᠤ ᠡᠳᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ᠃ ᠲᠡᠷᠡ ᠤᠷᠢᠳᠠᠪᠡᠷ ᠤᠯᠠᠭᠠᠨᠬᠠᠳᠠ ᠬᠤᠲᠠ ᠶᠢᠨ ᠰᠦᠩᠱᠠᠨ ᠲᠤᠭᠤᠷᠢᠭ ᠤᠨ ᠬᠢᠩᠭᠠᠨ ᠵᠡᠭᠡᠯᠢ ᠭᠤᠲᠤᠮᠵᠢ ᠶᠢᠨ ᠯᠢᠨ ᠬᠤᠸᠠᠩ ᠵᠢᠶᠠ ᠶᠤᠸᠠᠨ ᠨᠡᠶᠢᠭᠡᠮ ᠲᠤᠭᠤᠷᠢᠭ ᠲᠤ ᠬᠦᠷᠴᠦ᠂ ᠨᠡᠶᠢᠭᠡᠮ ᠲᠤᠭᠤᠷᠢᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠦᠨᠳᠦᠰᠦᠲᠡᠨ ᠤ ᠪᠦᠯᠬᠦᠮᠳᠡᠯ ᠠᠭᠤᠰᠤᠯᠴᠠᠯ ᠵᠡᠷᠭᠡ ᠪᠠᠶᠢᠳᠠᠯ ᠢ ᠤᠶᠢᠯᠠᠭᠠᠪᠠ᠃ ᠵᠠᠯᠭᠠᠭᠠᠳ ᠲᠡᠷᠡᠪᠡᠷ ᠤᠯᠠᠭᠠᠨᠬᠠᠳᠠ ᠬᠤᠲᠠ ᠶᠢᠨ ᠮᠦᠽᠧᠢ ᠳᠤ ᠬᠦᠷᠴᠦ᠂ ᠲᠤᠬᠠᠢ ᠶᠢᠨ ᠭᠠᠵᠠᠷ ᠤᠨ ᠲᠡᠤᠬᠡ ᠰᠤᠶᠤᠯ ᠤᠨ ᠤᠯᠠᠷᠢᠨ ᠬᠤᠪᠢᠰᠤᠯᠲᠠ ᠶᠢ ᠤᠶᠢᠯᠠᠭᠠᠨ᠂ ᠡᠷᠲᠡᠨ ᠤ ᠦᠨᠳᠦᠰᠦᠲᠡᠨ ᠤ ᠰᠤᠩᠭᠤᠳᠠᠭ ᠪᠠᠭᠠᠲᠤᠷᠯᠢᠭ ᠲᠤᠤᠯᠢ ︽ᠭᠡᠰᠡᠷ︾ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠲᠠᠢ ᠲᠤᠳᠤᠨᠤᠰᠤᠭ ᠢᠶᠠᠷ ᠶᠠᠷᠢᠯᠴᠠᠪᠠ᠃
 
ᠢᠷᠡᠯᠲᠡ᠄ ᠲᠤᠮᠳᠠᠲᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号