ᠤᠢᠢᠷ᠎ᠠ ᠶᠢᠨ ᠡᠳᠦᠷ᠂ ᠪᠡᠭᠡᠵᠢᠩ ᠤᠨ ᠲᠤᠰᠬᠠᠢ ᠮᠡᠷᠭᠡᠵᠢᠯᠳᠡᠨ ᠤ ᠲᠤᠭᠤᠢᠢᠯᠠᠩ ᠮᠠᠨ ᠤ ᠬᠤᠰᠢᠭᠤᠨ ᠤ | ᠰᠢᠷᠬᠤᠰᠤᠨ ᠤ ᠵᠤᠭᠠᠴᠠᠯ ᠤᠨ ᠦᠵᠡᠮᠵᠢ ᠶᠢᠨ ᠤᠷᠤᠨ ᠳᠤ ᠬᠦᠷᠴᠤ ᠪᠠᠶᠢᠴᠠᠭᠠᠨ ᠰᠤᠳᠤᠯᠤᠯᠳᠠ ᠬᠢᠵᠤ᠂ | ᠦᠵᠡᠮᠵᠢ ᠶᠢᠨ ᠤᠷᠤᠨ ᠤ ᠤᠳᠤᠬᠢ ᠪᠠᠶᠢᠳᠠᠯ ᠪᠠ ᠤᠯᠤᠰ ᠤᠨ 5 A ᠲᠡᠰ ᠤᠨ ᠦᠵᠡᠮᠵᠢ ᠶᠢᠨ ᠤᠷᠤᠨ ᠢ | ᠭᠤᠶᠤᠴᠢᠯᠠᠨ ᠮᠡᠳᠡᠬᠦᠯᠬᠦ ᠶᠠᠪᠤᠴᠠ ᠳᠤ ᠤᠷᠤᠰᠢᠵᠤ ᠪᠠᠶᠢᠭ᠎ᠠ ᠠᠰᠠᠭᠤᠳᠠᠯ ᠢ ᠨᠠᠷᠢᠯᠢᠭ ᠤᠢᠢᠯᠠᠭᠠᠭᠰᠠᠨ ᠪᠠᠶᠢᠨ᠎ᠠ᠃ | ᠲᠤᠰᠬᠠᠢ ᠮᠡᠷᠭᠡᠵᠢᠯᠳᠡᠨ ᠤ ᠲᠤᠭᠤᠢᠢᠯᠠᠩ ᠨᠢ ᠦᠵᠡᠮᠵᠢ ᠶᠢᠨ ᠤᠷᠤᠨ ᠤ ᠪᠤᠳᠠᠳᠠᠢ ᠪᠠᠶᠢᠳᠠᠯ ᠢ ᠦᠨᠳᠦᠰᠦᠯᠡᠨ | ᠭᠤᠶᠤᠴᠢᠯᠠᠨ ᠮᠡᠳᠡᠬᠦᠯᠬᠦ ᠶᠠᠪᠤᠴᠠ ᠪᠠ ᠤᠳᠤᠬᠢ ᠱᠠᠳᠤᠨ ᠳᠤ ᠪᠡᠯᠡᠳᠭᠡᠬᠦ ᠴᠢᠬᠤᠯᠠᠳᠠᠢ ᠠᠵᠢᠯ ᠢ ᠲᠤᠷᠠᠳᠤᠨ | ᠭᠠᠷᠭᠠᠵᠠᠢ᠃ | ᠰᠢᠷᠬᠤᠰᠤᠨ ᠤ ᠵᠤᠭᠠᠴᠠᠯ ᠤᠨ ᠤᠷᠤᠨ ᠤ ᠲᠦᠯᠦᠪᠵᠢᠬᠦᠯᠭᠡ ᠶᠢᠨ ᠲᠠᠯᠠᠪᠠᠢ ᠨᠢ 230 ᠳᠡᠭᠰᠢ ᠲᠦᠷᠪᠡᠯᠵᠢᠨ | ᠺᠢᠯᠤᠮᠧᠲᠷ᠂ ᠤᠰᠤᠨ ᠤ ᠲᠠᠯᠠᠪᠠᠢ ᠨᠢ 1.3 ᠲᠦᠮᠡᠨ ᠮᠦ᠂ ᠡ᠊ᠨᠳᠡᠬᠢ ᠨᠢ ᠤᠯᠤᠰ ᠤᠨ ᠲᠡᠰ ᠤᠨ ᠬᠠᠭᠤᠴᠢ | ᠰᠤᠳᠤᠯᠤᠯ ᠤᠨ ᠪᠠᠭᠤᠷᠢ᠂ ᠤᠯᠤᠰ ᠤᠨ ᠲᠡᠰ ᠤᠨ ᠨᠤᠭᠤ ᠭᠠᠵᠠᠷ ᠤᠨ ᠴᠡᠴᠡᠷᠯᠢᠭ᠂ ᠤᠯᠤᠰ ᠤᠨ ᠲᠡᠰ ᠤᠨ ᠭᠠᠵᠠᠷ | ᠰᠢᠨᠵᠢᠯᠡᠭᠡᠨ ᠤ ᠴᠡᠴᠡᠷᠯᠢᠭ᠂ ᠤᠯᠤᠰ ᠤᠨ 4A ᠲᠡᠰ ᠤᠨ ᠦᠵᠡᠮᠵᠢ ᠶᠢᠨ ᠤᠷᠤᠨ ᠪᠠ ᠤᠯᠤᠰ ᠤᠨ ᠲᠡᠰ ᠤᠨ | ᠤᠰᠤᠨ ᠠᠰᠢᠭᠯᠠᠯᠳᠠ ᠶᠢᠨ ᠦᠵᠡᠮᠵᠢ ᠶᠢᠨ ᠤᠷᠤᠨ ᠪᠤᠯᠤᠨ᠎ᠠ᠂ ᠮᠦᠨ ᠴᠤ ᠦᠪᠦᠷ ᠮᠤᠩᠭᠤᠯ ᠤᠨ ᠦᠪᠡᠷᠳᠡᠭᠡᠨ | ᠵᠠᠰᠠᠬᠤ ᠤᠷᠤᠨ ᠤ ᠭᠤᠷᠪᠠᠳᠤᠭᠠᠷ ᠪᠦᠯᠦᠭ ᠤᠨ ᠰᠤᠶᠤᠯ ᠤᠨ ᠠᠵᠤ ᠦᠢᠯᠡᠰ ᠤᠨ ᠵᠢᠱᠢᠶ᠎ᠡ ᠦᠵᠡᠬᠦᠯᠬᠦ ᠰᠠᠭᠤᠷᠢᠨ | ᠭᠠᠵᠠᠷ ᠪᠤᠯᠤᠨ᠎ᠠ᠃ ᠵᠤᠭᠠᠴᠠᠯ ᠤᠨ ᠤᠷᠤᠨ ᠨᠢ ᠪᠠᠳᠤ ᠶᠢᠨ ᠲᠤᠬᠤᠢ ᠶᠢᠨ ᠦᠵᠡᠮᠵᠢ ᠶᠢᠨ ᠤᠷᠤᠨ᠂ ᠰᠢᠷᠬᠤᠰᠤᠨ ᠤ | ᠪᠠᠭᠤᠷᠢ ᠵᠡᠷᠭᠡ ᠳᠤ ᠲᠦᠰᠢᠭᠯᠡᠵᠤ᠂ ᠰᠢᠷ᠎ᠠ ᠬᠦᠷᠦᠰᠦᠳᠦ ᠦᠨᠳᠦᠷᠯᠢᠭ ᠪᠠ ᠮᠤᠤᠠᠤᠰᠤ ᠶᠢᠨ ᠡᠯᠡᠰᠦ ᠪᠠᠷ ᠠᠷᠤ | ᠦᠵᠡᠭᠳᠡᠯ ᠪᠤᠯᠭᠠᠨ᠂ ᠠᠭᠤᠯᠠ ᠤᠰᠤ ᠡᠯᠡᠰᠦ ᠵᠡᠷᠭᠡ ᠪᠠᠶᠢᠭᠠᠯᠢ ᠶᠢᠨ ᠦᠵᠡᠮᠵᠢ ᠪᠠ ᠤᠷᠳᠤ ᠤᠳᠠᠭᠠᠨ ᠲᠡᠤᠭᠡ | ᠰᠤᠶᠤᠯ ᠢᠶᠠᠨ ᠠᠰᠢᠭᠯᠠᠨ ᠤᠮᠠᠷᠠᠳᠤ ᠤᠷᠤᠨ ᠤ ᠦᠪᠡᠷᠮᠢᠴᠡ ᠤᠨᠴᠠᠯᠢᠭᠳᠤ ᠵᠤᠭᠠᠴᠠᠯ ᠤᠨ ᠲᠠᠷᠬᠠᠨ ᠤᠷᠤᠨ | ᠪᠤᠯᠤᠭᠰᠠᠨ ᠪᠠᠶᠢᠨ᠎ᠠ᠃ | | |