ᠡᠯᠡᠰᠦᠨ ᠴᠦᠯ ᠳᠤ ᠪᠠᠳᠮᠠᠯᠠᠨ ᠲᠡᠯᠭᠡᠷᠡᠭᠰᠡᠨ ᠪᠠᠶᠠᠨᠨ᠋ᠨᠭᠤᠷ
ᠨᠡᠶᠢᠲᠡᠯᠡᠭᠰᠡᠨ ᠴᠠᠭ᠄
2019-07-17
     ᠪᠠᠶᠠᠨᠨᠠᠭᠤᠷ ᠤᠨ ᠲᠠᠯ᠎ᠠ ᠨᠢ ᠦᠤᠰᠢᠨ ᠬᠤᠰᠢᠭᠤᠨ ᠤ ᠲᠤᠭ ᠪᠠᠯᠭᠠᠰᠤ ᠶᠢᠨ ᠬᠤᠸᠠᠳᠤᠯᠤᠭᠠᠢ ᠭᠠᠴᠠᠭ᠎ᠠ᠂ ᠲᠠᠷᠬᠠᠨᠯᠠᠮ᠎ᠠ ᠭᠠᠴᠠᠭᠠᠨ ᠳᠤ ᠪᠠᠶᠢᠵᠤ᠂ ᠮᠤᠤᠠᠤᠰᠤ ᠶᠢᠨ ᠡᠯᠡᠰᠦᠨ ᠤ ᠬᠡᠪᠡᠯᠢ ᠳᠤ ᠪᠠᠶᠢᠷᠢᠯᠠᠳᠠᠬ᠃ ᠬᠤᠪᠢᠯᠠᠢ ᠬᠠᠭᠠᠨ ᠶᠡᠭᠡ ᠶᠤᠸᠠᠨ ᠤᠯᠤᠰ ᠢ ᠨᠢᠭᠡᠳᠭᠡᠬᠦ ᠦᠶᠡᠰ ᠲᠤ ᠡᠨᠡ ᠬᠡᠰᠡᠭ ᠭᠠᠵᠠᠷ ᠢ ᠪᠠᠶᠠᠨᠴᠠᠭᠠᠨᠨᠠᠭᠤᠷ ᠬᠡᠵᠤ ᠨᠡᠷᠡᠯᠡᠵᠤ ᠪᠠᠶᠢᠭᠰᠠᠨ ᠶᠤᠮ᠂ ᠪᠠᠶᠠᠨ ᠴᠢᠨᠡᠭᠡᠯᠢᠭ᠂ ᠠᠷᠢᠭᠤᠨ ᠲᠠᠷᠬᠠᠨ ᠭᠠᠵᠠᠷ ᠬᠡᠰᠡᠨ ᠤᠳᠬ᠎ᠠ ᠲᠠᠢ᠃ ᠲᠡᠷᠡ ᠨᠢ ᠮᠤᠩᠭᠤᠯ ᠶᠤᠸᠠᠨ ᠤᠯᠤᠰ ᠤᠨ ᠠᠷᠪᠠᠨ ᠲᠦᠷᠪᠡᠨ ᠲᠤᠮᠤ ᠪᠡᠯᠴᠢᠭᠡᠷ ᠤᠨ ᠨᠢᠭᠡ ᠪᠠᠶᠢᠵᠠᠢ᠃  ᠠᠳᠡ 4 ᠲᠦᠮᠡᠨ ᠮᠦ ᠶᠢᠨ ᠨᠤᠳᠤᠭ ᠪᠡᠯᠴᠢᠭᠡᠷ ᠵᠢᠴᠢ 9000 ᠭᠠᠷᠤᠢ ᠮᠦ ᠶᠢᠨ ᠨᠠᠭᠤᠷ ᠪᠦᠷᠢᠳᠦ ᠲᠠᠢ᠂  ᠠᠳᠡᠬᠢ ᠨᠢ ᠤᠷᠳᠤᠰ ᠤᠨ ᠲᠠᠯ᠎ᠠ ᠨᠤᠳᠤᠭ ᠤᠨ ᠲᠤᠳᠤᠷᠠᠬᠢ ᠦᠡᠭᠭᠡ ᠦᠵᠡᠮᠵᠢ ᠪᠠᠷ ᠬᠠᠮᠤᠭ ᠠᠴᠠ ᠤᠨᠴᠠᠭᠠᠢ ᠨᠤᠭᠤ ᠭᠠᠵᠠᠷ ᠤᠨ ᠴᠡᠴᠡᠷᠯᠢᠭ᠂ ᠮᠦᠨ ᠴᠤ ᠦᠪᠦᠷ ᠮᠤᠩᠭᠤᠯ ᠤᠨ ᠪᠠᠷᠠᠭᠤᠨ ᠬᠡᠰᠡᠭ ᠭᠠᠵᠠᠷ ᠤᠷᠤᠨ ᠳᠠᠬᠢ ᠬᠠᠮᠤᠭ ᠤᠨ ᠪᠦᠷᠢᠨ ᠪᠦᠳᠦᠨ ᠬᠠᠳᠠᠭᠠᠯᠠᠭᠳᠠᠵᠤ ᠪᠠᠶᠢᠭ᠎ᠠ ᠠᠮᠢ ᠠᠬᠤᠢ ᠶᠢᠨ ᠵᠦᠯᠭᠡᠷᠭᠡᠭ ᠲᠠᠯ᠎ᠠ ᠪᠤᠯᠤᠨ᠎ᠠ᠃  ᠠᠳᠡᠬᠢ ᠲᠠᠯ᠎ᠠ᠂ ᠨᠠᠭᠤᠷ᠂ ᠤᠢ᠂ ᠡᠯᠡᠰᠦ ᠵᠡᠷᠭᠡ ᠪᠠᠶᠢᠭᠠᠯᠢ ᠶᠢᠨ ᠠᠮᠢ ᠠᠬᠤᠢ ᠨᠢ ᠮᠦᠨ ᠯᠡ ᠡᠷᠳᠡᠨ ᠤ ᠬᠡᠪ ᠪᠠᠶᠢᠳᠠᠯ ᠢᠶᠠᠨ ᠬᠠᠳᠠᠭᠠᠯᠠᠵᠤ ᠪᠤᠢ᠂ ᠤᠯᠤᠰ ᠤᠨ ᠲᠤᠳᠤᠭᠠᠳᠤ ᠭᠠᠳᠠᠭᠠᠳᠤ ᠶᠢᠨ ᠵᠤᠭᠠᠴᠠᠭᠰᠠᠳ ᠤᠨ ᠲᠠᠯ᠎ᠠ ᠨᠤᠳᠤᠭ ᠤᠨ ᠰᠤᠶᠤᠯ ᠪᠠ ᠮᠤᠩᠭᠤᠯ ᠶᠤᠸᠠᠨ ᠤ ᠨᠢᠭᠤᠴᠠ ᠶᠢ ᠬᠠᠶᠢᠬᠤ ᠲᠠᠷᠬᠠᠨ ᠤᠷᠤᠨ ᠪᠤᠯᠬᠤ ᠶᠤᠮ᠃
     ᠨᠤᠮᠢᠨ ᠨᠤᠭᠤᠭᠠᠨ ᠢᠶᠠᠷ ᠬᠠᠯᠢᠭᠤᠷᠠᠭᠰᠠᠨ ᠪᠠᠶᠠᠨᠨᠠᠭᠤᠷ ᠤᠨ ᠲᠠᠯ᠎ᠠ ᠪᠠᠷ ᠠᠶᠠᠯᠠᠬᠤ ᠳᠤ ︽ᠲᠦᠮᠡᠨ ᠭᠠᠵᠠᠷ ᠤᠨ ᠲᠠᠯ᠎ᠠ ᠳᠤ ᠨᠤᠭᠤᠭᠠᠨ ᠬᠠᠰ ᠬᠤᠴᠢᠭᠰᠠᠨ︾ ᠬᠡᠮᠡᠷ ᠰᠠᠨᠠᠭᠳᠠᠨ᠎ᠠ᠂ ᠡ᠊ᠨᠳᠡ ᠬᠦᠷᠦᠰᠦ ᠰᠢᠷᠤᠢ ᠦᠡᠭ ᠰᠢᠮᠡᠯᠢᠭ᠂ ᠭᠤᠤᠯ ᠮᠦᠷᠡᠨ ᠪᠤᠯᠤᠷ ᠰᠢᠭ᠋ ᠲᠤᠩᠭᠠᠯᠠᠭ᠂ ᠶᠡᠭᠡ ᠪᠠᠭ᠎ᠠ ᠨᠠᠭᠤᠷ ᠮᠡᠯᠳᠡᠭᠡᠨᠡᠵᠤ᠂ ᠤᠭᠳᠠᠷᠭᠤᠢ ᠳᠤ ᠬᠦᠪᠤᠡᠭ ᠡᠭᠦᠯᠡ ᠬᠦᠪᠦᠯᠵᠡᠨ᠎ᠡ᠃ ᠨᠤᠭᠤᠭᠠᠨ ᠲᠠᠯ᠎ᠠ ᠲᠡᠭᠷᠢ ᠶᠢᠨ ᠬᠠᠶᠠᠭ᠎ᠠ ᠲᠠᠢ ᠵᠠᠯᠭᠠᠯᠳᠤᠨ᠂ ᠬᠤᠨᠢᠨ ᠰᠦᠷᠦᠭ ᠲᠠᠨ᠎ᠠ ᠰᠤᠪᠤᠳ ᠮᠡᠳᠦ ᠪᠡᠯᠴᠢᠵᠤ᠂ ᠮᠤᠷᠢ ᠤᠨᠤᠭᠰᠠᠨ ᠮᠠᠯᠴᠢᠨ ᠲᠠᠰᠢᠭᠤᠷ ᠪᠠᠷᠢᠵᠤ ᠲᠠᠭᠤᠤ ᠠᠶᠠᠯᠭᠤᠯᠤᠨ᠎ᠠ᠃ ᠡ᠊ᠨᠳᠡ ᠢᠷᠡᠭᠰᠡᠨ ᠵᠤᠭᠠᠴᠠᠭᠰᠠᠳ ᠮᠤᠷᠢ ᠤᠨᠤᠵᠤ ᠲᠠᠯ᠎ᠠ ᠪᠠᠷ ᠲᠠᠪᠬᠢᠵᠤ ᠪᠠᠶᠢᠳᠠᠭ᠂ ᠪᠠᠰᠠ ᠮᠤᠩᠭᠤᠯ ᠬᠡᠷ ᠲᠤ ᠬᠤᠨᠤᠭᠯᠠᠵᠤ᠂ ᠮᠤᠩᠭᠤᠯ ᠬᠦᠮᠦᠨ ᠤ ᠠᠮᠢᠳᠤᠷᠠᠯ ᠢ ᠤᠢᠢᠯᠠᠭᠠᠵᠤ ᠪᠠᠶᠢᠳᠠᠭ᠃  ᠠᠳᠡᠬᠢ ᠮᠠᠯᠴᠢᠳ ᠭᠤᠤᠯ ᠢ ᠲᠠᠭᠠᠨ ᠰᠠᠭᠤᠵᠤ᠂ ᠡᠪᠡᠰᠦ ᠶᠢ ᠲᠠᠭᠠᠨ ᠮᠠᠯᠵᠢᠵᠤ ᠪᠠᠶᠢᠨ᠎ᠠ᠃ ᠡ᠊ᠨᠳᠡ ᠮᠠᠯᠴᠢᠳ ᠤᠨ ᠨᠠᠶᠢᠷ ᠨᠠᠭᠠᠳᠤᠮ ᠲᠠᠢ᠂ ᠪᠠᠰᠠ ᠦᠨᠳᠦᠰᠦᠳᠡᠨ ᠤ ᠬᠤᠪᠴᠠᠰᠤ ᠵᠠᠰᠠᠯ᠂ ᠬᠠᠳᠬᠤᠮᠠᠯ᠂ ᠰᠡᠶᠢᠯᠦᠮᠡᠯ ᠵᠡᠷᠭᠡ ᠪᠤᠳᠠᠰ ᠤᠨ ᠪᠤᠰᠤ ᠰᠤᠶᠤᠯ ᠤᠨ ᠦᠪ ᠤᠯᠠᠮᠵᠢᠯᠠᠯ ᠲᠠᠢ᠃
     ᠦᠨᠢᠷ ᠠᠭᠤᠳᠠᠮ ᠮᠦᠷᠳᠡᠭᠡᠨ ᠨᠠᠮ ᠲᠠᠶᠢᠪᠤᠡᠭ ᠪᠠᠶᠠᠨᠨᠠᠭᠤᠷ ᠤᠨ ᠲᠠᠯ᠎ᠠ ᠳᠤ ᠬᠠᠯᠠᠭᠤᠨ ᠰᠡᠳᠬᠢᠯ ᠲᠠᠢ᠂ ᠵᠤᠴᠢᠨᠰᠠᠭ ᠵᠠᠩ ᠲᠠᠢ ᠮᠠᠯᠴᠢᠳ ᠮᠤᠩᠭᠤᠯ ᠬᠤᠭᠤᠯᠠ ᠤᠮᠳᠠ ᠪᠡᠯᠡᠳᠭᠡᠵᠤ ᠬᠤᠯᠠ ᠤᠢᠢᠷ᠎ᠠ ᠶᠢᠨ ᠵᠤᠴᠢᠳ ᠢᠶᠠᠨ ᠤᠭᠳᠤᠵᠤ ᠪᠠᠶᠢᠳᠠᠭ᠃ ᠪᠠᠭ᠋ᠠᠳᠤᠮ᠎ᠠ ᠰᠠᠶᠢᠬᠠᠨ ᠪᠠᠶᠠᠨᠨᠠᠭᠤᠷ ᠨᠢ ᠬᠦᠮᠦᠨ ᠪᠠ ᠪᠠᠶᠢᠭᠠᠯᠢ ᠶᠢᠨ ᠡᠶ᠎ᠡ ᠵᠤᠬᠢᠴᠠᠯᠳᠤ ᠬᠡᠷ ᠤᠷᠤᠨ᠂ ᠦᠪᠦᠷ ᠮᠤᠩᠭᠤᠯ ᠤᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠱᠤᠭᠤᠮ ᠲᠡᠭᠡᠷᠡᠬᠢ ᠭᠠᠶᠢᠬᠠᠮᠰᠢᠭᠳᠤ ᠬᠡᠷᠡᠯᠳᠦ ᠰᠤᠪᠤᠳ ᠪᠤᠯᠬᠤ ᠨᠢ ᠲᠠᠮᠵᠢᠭ ᠦᠭᠡᠢ᠃
 
ᠢᠷᠡᠯᠲᠡ᠄ ᠣᠷᠳᠣᠰ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号