ᠪᠤᠷᠤᠭᠠᠨ ᠤ ᠲᠠᠷᠠᠭᠠᠬᠢ ᠦᠤᠰᠢᠨ ᠳᠤ ᠬᠦᠷᠬᠦ ᠪᠠᠷ ᠬᠦᠳᠡᠭᠡ ᠲᠠᠯ᠎ᠠ ᠴᠡᠯᠭᠡᠷᠡᠵᠤ᠂ ᠵᠦᠢᠯ ᠤᠨ ᠴᠡᠴᠡᠭ | ᠲᠡᠯᠭᠡᠷᠡᠨ᠂ ᠦᠭᠡᠷ ᠬᠤᠨᠢᠳ ᠲᠠᠪᠠᠳᠠᠢ ᠪᠡᠯᠴᠢᠭᠡᠷᠯᠡᠵᠤ᠂ ᠨᠠᠶᠢᠷ ᠤᠨ ᠲᠠᠭᠤᠤ ᠲᠤᠭᠤᠯᠳᠤᠭᠠᠳ ᠪᠠᠶᠢᠨ᠎ᠠ᠃ ᠮᠠᠯᠵᠢᠬᠤ | ᠰᠤᠶᠤᠯ ᠬᠢᠭᠡᠳ ᠲᠠᠷᠢᠶᠠᠯᠠᠬᠤ ᠰᠤᠶᠤᠯ ᠤᠨ ᠠᠭᠤᠰᠤᠯᠴᠠᠭᠰᠠᠨ ᠭᠠᠵᠠᠷ ᠪᠤᠯᠤᠭᠰᠠᠨ ᠤ ᠬᠤᠪᠢ ᠳᠤ ᠦᠤᠰᠢᠨ | ᠬᠤᠰᠢᠭᠤ ᠨᠢ ᠠᠯᠢ ᠡᠷᠳᠡᠨ ᠠᠴᠠ ᠪᠠᠨ ᠦᠪᠡᠷᠮᠢᠴᠡ ᠤᠨᠴᠠᠯᠢᠭ ᠲᠠᠢ ᠬᠦᠮᠦᠨ ᠵᠤᠨ ᠤ ᠦᠵᠡᠮᠵᠢ ᠪᠠᠷ ᠢᠶᠠᠨ | ᠲᠡᠯᠡᠭᠡᠢ ᠳᠤ ᠠᠯᠳᠠᠷᠳᠠᠢ᠃ ᠲᠡᠭᠷᠢ ᠶᠢᠨ ᠬᠡᠰᠢᠭ ᠪᠤᠯᠤᠭᠰᠠᠨ ᠪᠠᠶᠢᠭᠠᠯᠢ ᠶᠢᠨ ᠦᠪ ᠨᠢ ᠵᠤᠭᠠᠴᠠᠯ ᠤᠨ ᠦᠢᠯᠡᠰ ᠢ | ᠬᠦᠭᠵᠢᠬᠦᠯᠬᠦ ᠠᠵᠠᠳᠠᠢ ᠲᠤᠬᠢᠶᠠᠯ ᠪᠤᠯᠵᠤ᠂ ᠵᠤᠭᠠᠴᠠᠯ ᠤᠨ ᠠᠵᠤ ᠦᠢᠯᠡᠰ ᠨᠢ ᠨᠤᠮᠢᠨ ᠨᠤᠭᠤᠭᠠᠨ ᠦᠤᠰᠢᠨ ᠤ ᠴᠢᠨᠠᠷ | ᠰᠠᠶᠢᠳᠠᠢ ᠬᠦᠭᠵᠢᠯᠳᠡ ᠶᠢᠨ ᠵᠠᠮ ᠳᠠᠬᠢ ᠴᠢᠬᠤᠯᠠ ᠰᠠᠭᠤᠷᠢ ᠴᠢᠯᠠᠭᠤ ᠪᠤᠯᠤᠭᠰᠠᠨ ᠪᠠᠶᠢᠨ᠎ᠠ᠃ | ᠦᠡᠭᠭᠡᠷᠡᠭᠰᠡᠨ ᠨᠢᠭᠡ ᠵᠢᠯ ᠳᠤ ᠦᠤᠰᠢᠨ ᠬᠤᠰᠢᠭᠤ ᠨᠢ ᠴᠢᠬᠤᠯᠠ ᠶᠡᠭᠡ ᠵᠤᠭᠠᠴᠠᠯ ᠤᠨ ᠪᠠᠶᠠᠷ ᠲᠤᠷᠠᠰᠬᠠᠯ ᠤᠨ | ᠠᠵᠢᠯᠯᠠᠭ᠎ᠠ ᠶᠢ ᠦᠷᠨᠢᠬᠦᠯᠬᠦ ᠠᠴᠠ ᠭᠠᠷᠳᠠᠵᠤ᠂ ᠵᠤᠭᠠᠴᠠᠯ ᠤᠨ ᠲᠦᠷᠦᠯ ᠵᠦᠢᠯ ᠤᠨ ᠪᠥᠳᠥᠭᠡᠨ ᠪᠠᠶᠢᠭᠤᠯᠤᠯᠳᠠ ᠪᠠᠷ | ᠲᠤᠯᠭᠠᠭᠤᠷᠢ ᠪᠤᠯᠭᠠᠵᠤ᠂ ᠵᠤᠭᠠᠴᠠᠯ ᠤᠨ ᠡᠵᠡᠩᠨᠡᠨ ᠪᠤᠷᠤᠯᠠᠭᠤᠯᠤᠯᠳᠠ ᠪᠠᠷ ᠰᠢᠪᠳᠤᠯᠤᠯᠳᠠ ᠪᠤᠯᠭᠠᠨ᠂ ᠪᠦᠬᠦ ᠤᠷᠤᠨ | ᠪᠦᠰᠡ ᠶᠢᠨ ᠵᠤᠭᠠᠴᠠᠯ ᠤᠨ ᠴᠡᠴᠡᠭᠯᠡᠨ ᠬᠦᠭᠵᠢᠬᠦ ᠶᠢ ᠴᠢᠷᠮᠠᠶᠢᠨ ᠠᠬᠢᠭᠤᠯᠵᠤ᠂ ᠦᠤᠰᠢᠨ ᠬᠤᠰᠢᠭᠤᠨ ᠤ | ᠵᠤᠭᠠᠴᠠᠯ ᠤᠨ ᠨᠡᠷ᠎ᠡ ᠨᠡᠪᠳᠡᠴᠡ ᠪᠠ ᠭᠠᠵᠠᠷ ᠤᠷᠤᠨ ᠤ ᠨᠦᠯᠦᠭᠡᠯᠡᠬᠦ ᠬᠦᠴᠦᠨ ᠳᠤ ᠴᠢᠨᠠᠷ ᠤᠨ ᠬᠤᠪᠢᠷᠠᠯᠳᠠ | ᠭᠠᠷᠭᠠᠵᠠᠢ᠃ ᠨᠢᠭᠡ ᠵᠢᠯ ᠤᠨ ᠲᠤᠷᠰᠢ ᠪᠦᠬᠦ ᠬᠤᠰᠢᠭᠤ ᠨᠡᠶᠢᠳᠡ 113.7 ᠲᠦᠮᠡᠨ ᠬᠦᠮᠦᠨ ᠤᠳᠠᠭ᠎ᠠ ᠶᠢᠨ | ᠵᠢᠭᠤᠯᠴᠢᠨ ᠢ ᠬᠦᠯᠢᠶᠡᠨ ᠠᠪᠴᠤ᠂ ᠡᠨᠡ ᠨᠢ ᠠᠳᠠᠯᠢ ᠬᠤᠭᠤᠴᠠᠭᠠᠨ ᠤ ᠬᠢ ᠠᠴᠠ 22.6% ᠨᠡᠮᠡᠭᠳᠡᠨ᠂ | ᠵᠤᠭᠠᠴᠠᠯ ᠤᠨ ᠶᠡᠷᠦᠩᠭᠡᠢ ᠤᠷᠤᠯᠭ᠎ᠠ 36.76 ᠳ᠋ᠦᠡᠭᠰᠢᠭᠤᠷ ᠲᠥᠭᠦᠷᠢᠭ ᠢ ᠪᠡᠶᠡᠯᠡᠬᠦᠯᠵᠤ᠂ ᠠᠳᠠᠯᠢ | ᠬᠤᠭᠤᠴᠠᠭᠠᠨ ᠤ ᠬᠢ ᠠᠴᠠ 22.5% ᠨᠡᠮᠡᠭᠳᠡᠭᠰᠡᠨ ᠪᠠᠶᠢᠨ᠎ᠠ᠃ | | | | | | | ᠵᠤᠭᠠᠴᠠᠯ ᠤᠨ ᠦᠢᠯᠡᠰ ᠲᠤᠭᠳᠠᠭᠤᠨ ᠢᠶᠠᠷ ᠠᠬᠢᠪᠠ | ᠪᠦᠬᠦ ᠤᠷᠤᠨ ᠪᠦᠰᠡ ᠶᠢᠨ ᠵᠤᠭᠠᠴᠠᠯ ᠤᠨ ᠶᠡᠷᠦᠩᠭᠡᠢ ᠲᠦᠯᠦᠪᠵᠢᠬᠦᠯᠭᠡ ᠪᠠ ᠬᠦᠳᠡᠭᠡ ᠲᠤᠰᠬᠤᠨ ᠤ | ᠵᠤᠭᠠᠴᠠᠯ᠂ ᠬᠤᠪᠢᠰᠬᠠᠯᠳᠤ ᠵᠤᠭᠠᠴᠠᠯ᠂ ᠬᠤᠪᠢ ᠶᠢᠨ ᠮᠠᠰᠢᠨ ᠢᠶᠠᠷ ᠵᠤᠭᠠᠴᠠᠬᠤ ᠰᠠᠭᠤᠷᠢᠨ ᠭᠠᠵᠠᠷ ᠤᠨ ᠪᠦᠳᠦᠭᠡᠨ | ᠪᠠᠶᠢᠭᠤᠯᠤᠯᠳᠠ ᠶᠢᠨ ᠲᠤᠰᠬᠠᠢ ᠲᠦᠷᠦᠯ ᠤᠨ ᠲᠦᠯᠦᠪᠵᠢᠬᠦᠯᠭᠡ ᠶᠢᠨ ᠵᠢᠯᠤᠭᠤᠳᠤᠮᠵᠢ ᠶᠢᠨ ᠦᠢᠯᠡᠳᠦᠯ ᠢ ᠬᠦᠢᠴᠡᠳ | ᠪᠠᠳᠠᠷᠠᠭᠤᠯᠵᠤ᠂ ᠪᠦᠬᠦ ᠬᠤᠰᠢᠭᠤᠨ ᠤ ᠵᠤᠭᠠᠴᠠᠯ ᠤᠨ ᠦᠢᠯᠡᠰ ᠤᠨ ᠰᠢᠨᠵᠢᠯᠡᠬᠦ ᠤᠬᠠᠭᠠᠨᠴᠢ ᠬᠦᠭᠵᠢᠯᠳᠡ ᠳᠤ | ᠬᠦᠴᠦᠨ ᠨᠡᠮᠡᠷᠢᠯᠡᠪᠡ᠃ ᠡᠬᠢ ᠰᠤᠷᠪᠤᠯᠵᠢ ᠶᠢ ᠨᠡᠶᠢᠯᠡᠯᠴᠡᠬᠦᠯᠬᠦ ᠬᠦᠴᠦᠯᠡᠴᠡ ᠪᠠᠨ ᠨᠡᠮᠡᠭᠳᠡᠬᠦᠯᠵᠤ᠂ ᠵᠠᠰᠠᠭ | ᠵᠠᠬᠢᠷᠭᠠᠨ ᠤ ᠤᠷᠤᠨ ᠲᠤᠭᠤᠷᠢᠭ ᠤᠨ ᠵᠠᠭᠠᠭ ᠬᠢᠵᠠᠭᠠᠷ ᠢ ᠡᠪᠳᠡᠨ᠂ ᠦᠢᠯᠡᠳᠬᠦᠨ ᠤ ᠵᠦᠷᠢᠶᠡᠨ ᠢ ᠬᠠᠷᠢᠯᠴᠠᠨ | ᠨᠦᠬᠦᠪᠦᠷᠢᠯᠡᠵᠤ᠂ ᠦᠨᠳᠦᠰᠦᠳᠡᠨ ᠤ ᠤᠨᠴᠠᠯᠢᠭ ᠢᠶᠠᠷ ᠢᠯᠡ ᠲᠤᠳᠤ᠂ ᠵᠠᠮ ᠱᠤᠭᠤᠮ ᠤᠨ ᠲᠦᠯᠦᠪᠵᠢᠬᠦᠯᠭᠡ | ᠲᠤᠬᠢᠷᠠᠮᠵᠢᠳᠠᠢ ︽ᠨᠢᠭᠡ ᠭᠤᠤᠯᠳᠠᠯᠭ᠎ᠠ ᠭᠤᠷᠪᠠᠨ ᠲᠤᠭᠤᠷᠢᠭ ᠨᠢᠭᠡ ᠲᠡᠩᠭᠡᠯᠢᠭ ᠨᠡᠪᠳᠡᠷᠡᠯᠴᠡᠭᠰᠡᠨ︾ ᠵᠤᠭᠠᠴᠠᠯ ᠤᠨ | ᠦᠢᠯᠡᠰ ᠤᠨ ᠬᠦᠭᠵᠢᠯᠳᠡ ᠶᠢᠨ ᠰᠢᠨ᠎ᠡ ᠲᠦᠯᠦᠪ ᠪᠠᠶᠢᠳᠠᠯ ᠢ ᠠᠩᠬ᠎ᠠ ᠠᠯᠬᠤᠮ ᠪᠦᠷᠢᠯᠳᠦᠬᠦᠯᠵᠤ᠂ ᠪᠦᠬᠦ ᠤᠷᠤᠨ | ᠪᠦᠰᠡ ᠶᠢᠨ ᠵᠤᠭᠠᠴᠠᠯ ᠤᠨ ᠬᠦᠭᠵᠢᠯᠳᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠦᠭᠰᠡᠨ ᠪᠠᠶᠢᠨ᠎ᠠ᠃ | | ᠵᠤᠭᠠᠴᠠᠯ ᠤᠨ ᠰᠠᠭᠤᠷᠢ ᠲᠦᠭᠦᠭᠡᠷᠦᠮᠵᠢ ᠦᠷᠬᠦᠯᠵᠢᠯᠡᠨ ᠲᠡᠭᠦᠯᠳᠡᠷᠵᠢᠪᠡ | ᠦᠤᠰᠢᠨ ᠬᠤᠰᠢᠭᠤ ᠵᠤᠭᠠᠴᠠᠯ ᠤᠨ ᠦᠢᠯᠡᠰ ᠤᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ | ᠪᠠᠶᠢᠭᠤᠯᠤᠯᠳᠠ ᠶᠢ ᠴᠢᠷᠮᠠᠶᠢᠨ ᠠᠬᠢᠭᠤᠯᠵᠤ᠂ ᠰᠠᠭᠤᠷᠢ ᠲᠦᠭᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠬᠦᠯᠪᠡ | ᠃ ᠡᠭᠦᠨ ᠳᠤ S215᠂ S216 ᠵᠢᠴᠢ ᠲᠦᠡᠭᠽᠢ ᠠᠴᠠ ᠪᠤᠷᠤᠪᠠᠯᠭᠠᠰᠤ ᠬᠦᠷᠬᠦ ᠬᠤᠪᠢᠰᠬᠠᠯᠳᠤ ᠵᠤᠭᠠᠴᠠᠯ ᠤᠨ | ᠲᠤᠰᠬᠠᠢ ᠱᠤᠭᠤᠮ ᠤᠨ ᠪᠦᠬᠦ ᠵᠠᠮ ᠳᠤ ᠲᠡᠷᠭᠡ ᠨᠡᠪᠳᠡᠷᠡᠵᠤ᠂ ᠵᠤᠭᠠᠴᠠᠬᠤ ᠳᠤ ᠨᠡᠩ ᠲᠦᠭᠦᠮ ᠪᠤᠯᠵᠠᠢ︔ | ᠰᠢᠷᠬᠤᠰᠤᠨ ᠤ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠮᠦᠽᠧᠢ ᠶᠢᠨ ᠪᠦᠳᠦᠭᠡᠨ | ᠪᠠᠶᠢᠭᠤᠯᠤᠯᠳᠠ ᠨᠢ ᠪᠦᠬᠦ ᠭᠠᠷ ᠬᠦᠢᠴᠡᠳᠭᠡᠯ ᠢᠶᠠᠨ ᠪᠡᠶᠡᠯᠡᠬᠦᠯᠵᠤ᠂ ᠪᠠᠷᠢᠯᠭ᠎ᠠ ᠡᠬᠢᠯᠡᠬᠦ ᠨᠦᠬᠦᠴᠡᠯ ᠳᠤ ᠬᠦᠷᠴᠡᠢ︔ | ᠴᠠᠭᠠᠨ ᠰᠦᠯᠳᠡ ᠶᠢᠨ ᠵᠤᠭᠠᠴᠠᠯ ᠤᠨ ᠤᠷᠤᠨ ᠳᠤ 1000 ᠲᠦᠮᠡ ᠭᠠᠷᠤᠢ ᠲᠦᠭᠦᠷᠢᠭ ᠤᠨ ᠪᠡᠯᠡ ᠤᠷᠤᠭᠤᠯᠵᠤ᠂ | ᠦᠵᠡᠮᠵᠢ ᠶᠢᠨ ᠤᠷᠤᠨ ᠤ ᠵᠠᠮ ᠱᠤᠭᠤᠮ᠂ ᠫᠠᠶᠢᠰᠠ ᠲᠡᠮᠳᠡᠭ᠂ ᠵᠠᠳᠠᠭᠠᠢ ᠪᠠᠭᠤᠴᠠ᠂ ᠲᠤᠭᠯᠠᠯᠳᠠ ᠭᠠᠷᠭᠠᠬᠤ ᠭᠠᠵᠠᠷ | ᠵᠡᠷᠭᠡ ᠰᠠᠭᠤᠷᠢ ᠲᠦᠭᠦᠭᠡᠷᠦᠮᠵᠢ ᠳᠤ ᠦᠭᠡᠷᠡᠴᠢᠯᠡᠯᠳᠡ ᠬᠢᠵᠤ ᠲᠡᠰ ᠲᠡᠪᠰᠢᠬᠦᠯᠵᠡᠢ︔ ᠦᠤᠰᠢᠨᠵᠤᠤ ᠶᠢᠨ | ᠵᠤᠭᠠᠴᠠᠯ ᠤᠨ ᠤᠷᠤᠨ ᠪᠠ ᠲᠤᠭᠤᠷᠢᠮ ᠤᠨ ᠰᠦᠮ᠎ᠡ ᠶᠢᠨ ᠵᠤᠭᠠᠴᠠᠯ ᠤᠨ ᠤᠷᠤᠨ ᠳᠤ ᠴᠤ ᠦᠭᠡᠷᠡᠴᠢᠯᠡᠯᠳᠡ ᠬᠢᠵᠤ᠂ | ᠲᠤᠭᠤᠷᠢᠮ ᠤᠨ ᠰᠦᠮ᠎ᠡ ᠶᠢᠨ ᠡᠷᠡᠭᠦᠯᠵᠢᠯ ᠰᠤᠪᠢᠯᠠᠯᠳᠠ ᠶᠢᠨ ᠰᠠᠭᠤᠷᠢᠨ ᠭᠠᠵᠠᠷ ᠨᠢ ᠠᠰᠢᠭᠯᠠᠯᠳᠠ ᠳᠤ ᠤᠷᠤᠵᠤ᠂ | ᠦᠤᠰᠢᠨᠵᠤᠤ ᠶᠢᠨ ︽ᠮᠠᠯᠵᠢᠬᠤ ᠳ᠋ᠠᠵᠠᠢ︾ ᠶᠢᠨ ᠮᠦᠽᠧᠢ ᠨᠢ ᠪᠦᠬᠦ ᠲᠠᠯ᠎ᠠ ᠪᠠᠷ ᠨᠡᠭᠡᠭᠡᠯᠳᠡ ᠬᠢᠵᠡᠢ︔ ᠰᠤᠶᠤᠯ ᠤᠨ | ᠪᠦᠳᠦᠭᠡᠯᠴᠢ ᠠᠵᠤ ᠦᠢᠯᠡᠰ ᠤᠨ ᠬᠦᠷᠢᠶᠡᠯᠡᠩ ᠲᠤᠭᠤᠷᠢᠭ ᠢ ᠪᠠᠶᠢᠭᠤᠯᠵᠤ ᠲᠠᠭᠤᠰᠬᠠᠨ ᠠᠰᠢᠭᠯᠠᠯᠳᠠ ᠳᠤ | ᠤᠷᠤᠭᠤᠯᠵᠠᠢ ᠁ ᠡᠳᠡᠭᠡᠷ ᠤᠯᠠᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠲᠠᠰᠤᠷᠠᠯᠳᠠ | ᠦᠭᠡᠢ ᠲᠡᠭᠦᠯᠳᠡᠷᠵᠢᠵᠤ᠂ ᠦᠤᠰᠢᠨ ᠬᠤᠰᠢᠭᠤᠨ ᠤ ᠪᠦᠬᠦ ᠤᠷᠤᠨ ᠪᠦᠰᠡ ᠶᠢᠨ ᠵᠤᠭᠠᠴᠠᠯ ᠤᠨ ᠬᠦᠭᠵᠢᠯᠳᠡ ᠨᠡᠩ | ᠶᠡᠭᠡ ᠬᠦᠳᠡᠯᠭᠡᠬᠦ ᠬᠦᠴᠦᠨ ᠲᠠᠢ ᠪᠤᠯᠪᠠ᠃ | | | | | | | ᠨᠡᠷᠡᠳᠦ ᠲᠡᠮᠳᠡᠭ ᠤᠨ ᠨᠦᠯᠦᠭᠡᠯᠡᠬᠦ ᠬᠦᠴᠦᠨ ᠲᠠᠰᠤᠷᠠᠯᠳᠠ ᠦᠭᠡᠢ ᠪᠤᠵᠠᠭᠠᠢᠢᠷᠠᠪᠠ | ᠤᠯᠠᠨ ᠬᠠᠷᠠᠭᠠᠰᠤ ᠠᠴᠠ ᠵᠠᠭᠤᠴᠢᠯᠠᠭᠤᠷ ᠢ ᠠᠰᠢᠭᠯᠠᠨ ᠤᠨᠤᠪᠴᠢᠳᠠᠢ ᠤᠬᠠᠭᠤᠯᠭ᠎ᠠ ᠬᠢᠵᠤ᠂ ︽ᠨᠤᠮᠢᠨ | ᠲᠠᠩᠰᠤᠭ ᠦᠤᠰᠢᠨ︾ ᠤ ᠨᠡᠷ᠎ᠡ ᠨᠦᠯᠦᠭᠡ ᠶᠢ ᠲᠡᠯᠡᠭᠡᠢ ᠳᠤ ᠠᠯᠳᠠᠷᠰᠢᠭᠤᠯᠵᠠᠢ᠃ ᠭᠠᠵᠠᠷ ᠤᠷᠤᠨ ᠤ ᠵᠤᠭᠠᠴᠠᠯ ᠤᠨ | ᠬᠠᠮᠳᠤᠷᠠᠨ ᠠᠵᠢᠯᠯᠠᠬᠤ ᠬᠦᠴᠦᠯᠡᠴᠡ ᠪᠠᠨ ᠨᠡᠮᠡᠭᠳᠡᠬᠦᠯᠵᠤ᠂ ︽ᠨᠠᠷᠢᠯᠢᠭ ᠤᠨᠤᠪᠴᠢᠳᠠᠢ ᠪᠠᠷ ᠡᠵᠡᠩᠨᠡᠯᠳᠡ ᠬᠢᠵᠤ | ᠬᠡᠶᠢᠴᠢᠨ ᠵᠤᠴᠢᠳ ᠢᠶᠠᠨ ᠤᠭᠳᠤᠬᠤ︾ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠨ᠂ ᠢᠷᠭᠠᠢ᠂ ᠰᠢ ᠠᠨ᠂ ᠶᠠᠨ | ᠠᠨ᠂ ᠲᠡᠮᠡᠭᠡᠳᠦ ᠵᠡᠷᠭᠡ ᠤᠢᠢᠷ᠎ᠠ ᠬᠠᠪᠢ ᠶᠢᠨ ᠭᠠᠵᠠᠷ ᠤᠷᠤᠨ ᠲᠠᠢ ᠬᠠᠮᠳᠤᠷᠠᠨ ᠠᠵᠢᠯᠯᠠᠵᠤ᠂ ᠨᠢᠭᠡ ᠵᠢᠯ ᠤᠨ ᠲᠤᠷᠰᠢ | ᠂ ᠤᠢᠢᠷ᠎ᠠ ᠬᠠᠪᠢ ᠶᠢᠨ ᠵᠤᠭᠠᠴᠠᠭᠰᠠᠳ ᠤᠨ ᠢᠷᠡᠯᠳᠡ ᠲᠠᠢ ᠭᠠᠵᠠᠷ ᠤᠷᠤᠨ ᠤ ᠵᠠᠬ᠎ᠠ ᠲᠡᠯᠭᠡᠭᠦᠷ ᠢᠶᠠᠨ | ᠦᠷᠭᠡᠳᠭᠡᠬᠦ ᠪᠠᠷ 5 ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠬᠢᠵᠤ᠂ ᠤᠬᠠᠭᠤᠯᠭ᠎ᠠ ᠶᠢᠨ ᠮᠠᠲ᠋ᠧᠷᠢᠶᠠᠯ ᠢ | 20000 ᠭᠠᠷᠤᠢ ᠬᠤᠪᠢ ᠲᠠᠷᠬᠠᠭᠠᠨ᠂ ᠮᠦᠨ ᠴᠤ ᠡᠯ᠎ᠡ ᠲᠠᠯᠠᠪᠤᠷ ᠲᠤ ᠬᠤᠰᠢᠭᠤᠨ ᠤ ᠪᠤᠳᠠᠰ ᠤᠨ ᠪᠤᠰᠤ | ᠰᠤᠶᠤᠯ ᠤᠨ ᠦᠪ ᠤᠨ ᠦᠢᠯᠡᠳᠬᠦᠨ᠂ ᠤᠨᠴᠠᠯᠢᠭᠳᠤ ᠦᠢᠯᠡᠳᠬᠦᠨ ᠵᠡᠷᠭᠡ ᠶᠢ ᠲᠡᠯᠭᠡᠨ ᠦᠵᠡᠬᠦᠯᠵᠤ᠂ ᠰᠤᠶᠤᠯ ᠪᠠ | ᠵᠤᠭᠠᠴᠠᠯ ᠤᠨ ᠲᠠᠰᠤᠷᠠᠯᠳᠠ ᠦᠭᠡᠢ ᠠᠭᠤᠰᠤᠯᠴᠠᠬᠤ ᠶᠢ ᠠᠬᠢᠭᠤᠯᠪᠠ᠃ ᠮᠦᠰᠦ ᠴᠠᠰᠤᠨ ᠤ ᠨᠠᠶᠢᠷ᠂ ᠲᠤᠮᠳᠠᠳᠤ | ᠤᠯᠤᠰ ᠤᠨ ᠵᠤᠭᠠᠴᠠᠯ ᠤᠨ ᠡᠳᠦᠷ ᠵᠡᠷᠭᠡ ᠵᠤᠭᠠᠴᠠᠯ ᠢᠶᠠᠷ ᠠᠷᠠᠳ ᠢ ᠬᠠᠷᠠᠭᠠᠯᠵᠠᠬᠤ ᠠᠵᠢᠯᠯᠠᠭ᠎ᠠ ᠦᠷᠨᠢᠬᠦᠯᠦᠨ᠂ 20 | ᠭᠠᠷᠤᠢ ᠤᠳᠠᠭᠠᠨ ᠤ ᠵᠤᠭᠠᠴᠠᠯ ᠤᠨ ᠪᠠᠶᠠᠷ ᠲᠤᠷᠠᠰᠬᠠᠯ ᠤᠨ ᠠᠵᠢᠯᠯᠠᠭ᠎ᠠ ᠶᠢ ᠦᠷᠨᠢᠬᠦᠯᠵᠤ᠂ 50 ᠲᠦᠮᠡ ᠭᠠᠷᠤᠢ | ᠬᠦᠮᠦᠨ ᠤᠳᠠᠭ᠎ᠠ ᠶᠢᠨ ᠵᠤᠭᠠᠴᠠᠭᠰᠠᠳ ᠢ ᠲᠠᠳᠠᠵᠤ᠂ ᠨᠤᠮᠢᠨ ᠲᠠᠩᠰᠤᠭ ᠦᠤᠰᠢᠨ ᠤ ᠨᠡᠷᠡᠳᠦ ᠲᠡᠮᠳᠡᠭ ᠤᠨ | ᠨᠦᠯᠦᠭᠡᠯᠡᠬᠦ ᠬᠦᠴᠦᠨ ᠢ ᠢᠯᠡᠷᠭᠡᠢ ᠲᠡᠭᠡᠭᠰᠢᠯᠡᠬᠦᠯᠦᠭᠰᠡᠨ ᠪᠠᠶᠢᠨ᠎ᠠ᠃ ᠵᠤᠭᠠᠴᠠᠯ ᠤᠨ ᠤᠬᠠᠭᠤᠯᠭ᠎ᠠ ᠶᠢᠨ ᠵᠢᠷᠤᠭᠳᠤ | ᠲᠡᠪᠳᠡᠷ ᠪᠠ CD ᠶᠢ ᠬᠡᠪᠯᠡᠬᠦᠯᠦᠨ ᠲᠠᠷᠬᠠᠭᠠᠵᠤ᠂ ᠪᠦᠬᠦ ᠬᠤᠰᠢᠭᠤᠨ ᠤ ᠦᠵᠡᠮᠵᠢ ᠶᠢᠨ ᠴᠡᠭ ᠤᠳ ᠤᠨ ᠠᠳᠠᠯᠢ | ᠪᠤᠰᠤ ᠶᠢᠨ ᠦᠡᠭᠭᠡ ᠦᠵᠡᠮᠵᠢ ᠳᠤ ᠴᠢᠭᠯᠡᠬᠦᠯᠦᠨ ︽ᠦᠤᠰᠢᠨ ᠢᠶᠠᠷ ᠵᠤᠭᠠᠴᠠᠬᠤ ᠤᠬᠠᠭᠤᠯᠭ᠎ᠠ ᠶᠢᠨ ᠹᠢᠯᠢᠮ︾ ᠪᠠ | ᠪᠤᠰᠤᠳ ᠵᠤᠭᠠᠴᠠᠯ ᠤᠨ ᠲᠤᠷᠠᠰᠬᠠᠯ ᠤᠨ ᠪᠤᠳᠠᠰ ᠢ ᠦᠢᠯᠡᠳᠦᠭᠰᠡᠨ ᠪᠠᠶᠢᠨ᠎ᠠ᠃ ᠲᠤᠮᠳᠠᠳᠤ ᠤᠯᠤᠰ ᠤᠨ ᠵᠤᠭᠠᠴᠠᠯ ᠤᠨ | ᠠᠷᠠᠯᠵᠢᠶ᠎ᠠ ᠬᠤᠳᠠᠯᠳᠤᠭᠠᠨ ᠤ ᠰᠤᠨᠢᠨ᠂ ᠦᠪᠦᠷ ᠮᠤᠩᠭᠤᠯ ᠤᠨ ᠵᠤᠭᠠᠴᠠᠯ ᠤᠨ ᠰᠤᠨᠢᠨ᠂ ᠨᠢᠩᠰᠢᠶᠠ ᠶᠢᠨ | ᠵᠤᠭᠠᠴᠠᠯ ᠤᠨ ᠷᠠᠳᠢᠣ᠋᠂ ᠤᠷᠳᠤᠰ ᠤᠨ ᠡᠳᠦᠷ ᠤᠨ ᠰᠤᠨᠢᠨ ᠵᠡᠷᠭᠡ ᠤᠯᠠᠨ ᠵᠠᠭᠤᠴᠢᠯᠠᠭᠤᠷ ᠢᠶᠠᠷ ᠲᠠᠮᠵᠢᠨ ᠦᠤᠰᠢᠨ | ᠬᠤᠰᠢᠭᠤᠨ ᠤ ᠵᠤᠭᠠᠴᠠᠯ ᠤᠨ ᠡᠬᠢ ᠰᠤᠷᠪᠤᠯᠵᠢ᠂ ᠪᠠᠶᠠᠷ ᠲᠤᠷᠠᠰᠬᠠᠯ ᠤᠨ ᠠᠵᠢᠯᠯᠠᠭ᠎ᠠ ᠪᠠᠨ ᠤᠬᠠᠭᠤᠯᠵᠤ᠂ ᠦᠤᠰᠢᠨ | ᠬᠤᠰᠢᠭᠤᠨ ᠤ ᠵᠤᠭᠠᠴᠠᠯ ᠤᠨ ᠬᠦᠭᠵᠢᠯᠳᠡ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠤᠷᠴᠢᠨ ᠲᠤᠭᠤᠷᠢᠨ ᠢ | ᠡᠭᠦᠳᠦᠭᠰᠡᠨ ᠪᠠᠶᠢᠨ᠎ᠠ᠃ | | | | | | | ᠵᠤᠭᠠᠴᠠᠯ ᠤᠨ ᠴᠢᠨᠠᠷ ᠲᠡᠰ ᠪᠠ ᠵᠤᠭᠠᠴᠠᠯ ᠤᠨ ᠠᠮᠤᠷ ᠲᠦᠪᠰᠢᠨ ᠶᠡᠭᠡ ᠪᠠᠷ ᠲᠡᠭᠡᠭᠰᠢᠯᠡᠪᠡ | ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠵᠤᠭᠠᠴᠠᠯ ᠤᠨ ᠠᠶᠤᠯ ᠤᠨ ᠲᠠᠯᠳᠠ ᠬᠡᠮ ᠢ ᠰᠠᠶᠢᠳᠤᠷ ᠪᠠᠶᠢᠴᠠᠭᠠᠵᠤ᠂ ᠬᠢᠨᠠᠨ ᠪᠠᠶᠢᠴᠠᠭᠠᠬᠤ ᠬᠦᠴᠦᠯᠡᠴᠡ ᠪᠠᠨ | ᠴᠢᠩᠭᠠᠳᠬᠠᠨ᠂ ᠪᠦᠬᠦ ᠵᠢᠯ ᠳᠤ ᠪᠦᠬᠦ ᠬᠤᠰᠢᠭᠤᠨ ᠳᠤ ᠬᠦᠨᠳᠤ ᠨᠤᠴᠢᠳᠠᠢ ᠵᠤᠭᠠᠴᠠᠯ ᠤᠨ ᠠᠶᠤᠯ ᠭᠠᠷᠬᠤ ᠦᠭᠡᠢ ᠶᠢ | ᠪᠠᠳᠤᠯᠠᠵᠠᠢ᠃ ᠪᠦᠬᠦ ᠬᠤᠰᠢᠭᠤᠨ ᠤ ᠡᠯ᠎ᠡ ᠶᠡᠭᠡ ᠦᠵᠡᠮᠵᠢ ᠶᠢᠨ ᠤᠷᠤᠨ᠂ ᠤᠳᠤᠨ ᠲᠡᠰ ᠤᠨ ᠵᠤᠴᠢᠳ ᠤᠨ | ᠪᠠᠭᠤᠳᠠᠯ᠂ ᠵᠢᠭᠤᠯᠴᠢᠨ ᠳᠤ ᠦᠢᠯᠡᠴᠢᠯᠡᠬᠦ ᠭᠠᠵᠠᠷ᠂ ᠮᠠᠯᠴᠢᠨ ᠠᠶᠢᠯ ᠤᠨ ᠪᠠᠶᠠᠰᠤᠯ ᠤᠨ ᠬᠦᠯᠢᠶᠡᠨ ᠠᠪᠬᠤ | ᠡᠷᠦᠭᠡ ᠨᠢ ᠪᠦᠬᠦ ᠬᠤᠳᠠ ᠶᠢᠨ ᠵᠤᠭᠠᠴᠠᠯ ᠤᠨ ᠠᠵᠢᠯ ᠲᠦᠷᠦᠯ ᠤᠨ ᠦᠢᠯᠡᠴᠢᠯᠡᠭᠡᠨ ᠤ ᠴᠢᠨᠠᠷ ᠢ ᠲᠡᠭᠡᠭᠰᠢᠯᠡᠬᠦᠯᠬᠦ | ᠪᠤᠯᠪᠠᠰᠤᠷᠠᠯ ᠤᠨ ᠠᠩᠬᠢ ᠳᠤ ᠢᠳᠡᠪᠬᠢᠳᠡᠢ ᠤᠷᠤᠯᠴᠠᠵᠤ᠂ ᠰᠤᠶᠤᠯ ᠤᠨ ᠲᠤᠪᠴᠢᠶ᠎ᠠ᠂ ᠭᠠᠯ ᠢ ᠰᠡᠷᠭᠡᠶᠢᠯᠡᠬᠦ ᠶᠡᠭᠡ | ᠠᠩᠬᠢ ᠵᠡᠷᠭᠡ ᠤᠯᠠᠨ ᠰᠠᠯᠠᠭ᠎ᠠ ᠮᠦᠴᠢᠷ ᠨᠢ ᠵᠤᠭᠠᠴᠠᠯ ᠳᠤ ᠬᠤᠯᠪᠤᠭᠳᠠᠭᠰᠠᠨ ᠠᠵᠤ ᠠᠬᠤᠢᠢᠯᠠᠯ ᠳᠤ ᠲᠠᠰᠤᠷᠠᠯᠳᠠ | ᠦᠭᠡᠢ ᠪᠠᠶᠢᠴᠠᠭᠠᠯᠳᠠ ᠬᠢᠵᠤ᠂ ᠵᠤᠭᠠᠴᠠᠯ ᠤᠨ ᠦᠢᠯᠡᠰ ᠡᠷᠬᠢᠯᠡᠭᠰᠡᠳ ᠤᠨ ᠭᠠᠯ ᠤᠨ ᠠᠶᠤᠯ ᠢ ᠰᠡᠷᠭᠡᠶᠢᠯᠡᠬᠦ | ᠲᠠᠨᠢᠯᠳᠠ ᠶᠢ ᠲᠡᠭᠡᠭᠰᠢᠯᠡᠬᠦᠯᠦᠭᠰᠡᠨ ᠪᠠᠶᠢᠨ᠎ᠠ᠃ ︽ᠪᠤᠯᠪᠠᠰᠤᠨ ᠬᠢᠭᠡᠳ ᠵᠤᠭᠠᠴᠠᠯ ᠬᠠᠮᠳᠤ ᠠᠶᠠᠯᠠᠬᠤ᠂ ᠠᠮᠤᠷ | ᠲᠦᠪᠰᠢᠨ ᠬᠢᠭᠡᠳ ᠡᠶ᠎ᠡ ᠵᠤᠬᠢᠴᠠᠯ ᠬᠠᠮᠳᠤ ᠪᠠᠷ ᠢᠯᠠᠯᠳᠠ ᠤᠯᠬᠤ︾ ᠭᠤᠤᠯ ᠰᠡᠳᠦᠪᠳᠤ ᠤᠬᠠᠭᠤᠯᠭ᠎ᠠ ᠬᠢᠵᠤ᠂ | ᠰᠠᠶᠢᠨ ᠲᠤᠷᠠᠴᠤᠳ ᠢ ᠤᠷᠢᠵᠤ᠂ ᠪᠤᠯᠪᠠᠰᠤᠨ ᠵᠤᠭᠠᠴᠠᠯ ᠤᠨ ᠤᠷᠢᠶᠠᠯᠠᠭ᠎ᠠ ᠬᠢᠯᠭᠡᠨ᠂ ᠢᠳᠡᠪᠬᠢ ᠬᠦᠴᠦᠨ ᠢ | ᠲᠠᠮᠵᠢᠭᠤᠯᠪᠠ᠃ ︽ᠪᠦᠬᠦ ᠤᠯᠤᠰ ᠤᠨ ᠰᠢᠶᠠᠨ ᠤ ᠲᠡᠰ ᠤᠨ ᠪᠤᠯᠪᠠᠰᠤᠨ ᠬᠤᠳᠠ︾ ᠶᠢ ᠡᠭᠦᠳᠦᠨ ᠪᠠᠶᠢᠭᠤᠯᠬᠤ ᠪᠠᠷ | ᠲᠤᠬᠢᠶᠠᠯ ᠪᠤᠯᠭᠠᠨ᠂ ᠪᠤᠯᠪᠠᠰᠤᠨ ᠵᠤᠭᠠᠴᠠᠯ ᠤᠨ ᠠᠵᠢᠯᠯᠠᠭ᠎ᠠ ᠶᠢ ᠶᠡᠭᠡ ᠪᠠᠷ ᠦᠷᠨᠢᠬᠦᠯᠵᠤ᠂ 4A ᠲᠡᠰ ᠤᠨ | ᠵᠤᠭᠠᠴᠠᠯ ᠤᠨ ᠦᠵᠡᠮᠵᠢ ᠶᠢᠨ ᠤᠷᠤᠨ ᠤ ᠵᠤᠭᠠᠴᠠᠭᠰᠠᠳ ᠲᠤ ᠦᠢᠯᠡᠴᠢᠯᠡᠬᠦ ᠲᠦᠪ ᠢ ᠰᠠᠶᠢᠳᠤᠷ ᠪᠦᠳᠦᠭᠡᠨ | ᠪᠠᠶᠢᠭᠤᠯᠵᠤ᠂ ᠡᠭᠡ ᠨᠢᠯᠬᠠᠰ ᠤᠨ ᠲᠠᠰᠤᠭ᠂ ᠰᠠᠶᠢᠨ ᠲᠤᠷ᠎ᠠ ᠶᠢᠨ ᠦᠢᠯᠡᠴᠢᠯᠡᠭᠡᠨ ᠤ ᠦᠷᠳᠡᠭᠡ ᠵᠡᠷᠭᠡ ᠵᠤᠭᠠᠴᠠᠯ ᠤᠨ | ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠬᠦᠯᠵᠤ᠂ ᠵᠤᠴᠢᠳ ᠤᠨ ᠪᠠᠭᠤᠳᠠᠯ᠂ ᠵᠢᠭᠤᠯᠴᠢᠨ ᠳᠤ ᠦᠢᠯᠡᠴᠢᠯᠡᠬᠦ | ᠭᠠᠵᠠᠷ ᠤᠳ ᠤᠨ ᠪᠤᠯᠪᠠᠰᠤᠨ ᠢᠶᠠᠷ ᠬᠤᠭᠤᠯᠠᠯᠠᠬᠤ᠂ ᠪᠤᠯᠪᠠᠰᠤᠨ ᠢᠶᠠᠷ ᠶᠠᠪᠤᠵᠤ ᠰᠠᠭᠤᠬᠤ᠂ ᠪᠤᠯᠪᠠᠰᠤᠨ ᠢᠶᠠᠷ | ᠵᠤᠭᠠᠴᠠᠬᠤ ᠠᠵᠢᠯᠯᠠᠭ᠎ᠠ ᠶᠢ ᠢᠳᠡᠪᠬᠢᠳᠡᠢ ᠦᠷᠨᠢᠬᠦᠯᠬᠦ ᠶᠢ ᠤᠳᠤᠷᠢᠳᠴᠠᠢ᠃ ᠡᠳᠡᠭᠡᠷ ᠤᠯᠠᠨ ᠠᠵᠢᠯᠯᠠᠭ᠎ᠠ ᠨᠢ ᠪᠦᠬᠦ | ᠬᠤᠰᠢᠭᠤᠨ ᠤ ᠵᠤᠭᠠᠴᠠᠯ ᠤᠨ ᠦᠢᠯᠡᠰ ᠢ ᠨᠡᠩ ᠰᠢᠯᠢᠳᠡᠭ᠂ ᠠᠶᠤᠯᠬᠦᠢ ᠬᠠᠷᠠᠯᠳᠠ ᠳᠤ ᠭᠥᠷᠭᠡᠭᠦ ᠲᠡᠶᠢᠰᠢ ᠠᠯᠬᠤᠮ | ᠲᠠᠪᠰᠢᠭᠤᠯᠪᠠ᠃ | ᠲᠠᠷᠠᠭᠠᠴᠢ ᠶᠢᠨ ᠠᠯᠬᠤᠮ ᠳᠤ ᠦᠤᠰᠢᠨ ᠬᠤᠰᠢᠭᠤ ᠨᠢ ᠵᠤᠭᠠᠴᠠᠯ ᠤᠨ ᠦᠢᠯᠡᠳᠬᠦᠨ ᠤ ᠲᠤᠭᠳᠠᠯᠴᠠᠭ᠎ᠠ ᠪᠠᠨ | ᠦᠷᠬᠦᠯᠵᠢᠯᠡᠨ ᠰᠠᠶᠢᠵᠢᠷᠠᠭᠤᠯᠵᠤ᠂ ᠪᠦᠬᠦ ᠤᠷᠤᠨ ᠪᠦᠰᠡ ᠶᠢᠨ ᠵᠤᠭᠠᠴᠠᠯ ᠢ ᠠᠬᠢᠭᠤᠯᠤᠨ᠂ ᠵᠤᠭᠠᠴᠠᠯ ᠤᠨ | ᠦᠢᠯᠡᠴᠢᠯᠡᠭᠡᠨ ᠤ ᠴᠢᠨᠠᠷ ᠲᠡᠰ ᠢ ᠲᠡᠭᠡᠭᠰᠢᠯᠡᠬᠦᠯᠵᠤ᠂ ᠬᠤᠰᠢᠭᠤ ᠪᠠᠨ ᠰᠤᠶᠤᠯ ᠵᠤᠭᠠᠴᠠᠯ ᠠᠭᠤᠰᠤᠯᠴᠠᠭᠰᠠᠨ ᠵᠢᠱᠢᠶ᠎ᠡ | ᠦᠵᠡᠬᠦᠯᠬᠦ ᠭᠠᠵᠠᠷ ᠤᠷᠤᠨ ᠪᠤᠯᠭᠠᠬᠤ ᠶᠢ ᠠᠬᠢᠭᠤᠯᠵᠤ᠂ ︽ᠨᠤᠮᠢᠨ ᠲᠠᠩᠰᠤᠭ ᠦᠤᠰᠢᠨ︾ ᠤ ᠵᠤᠭᠠᠴᠠᠯ ᠤᠨ | ᠲᠦᠯᠦᠪ ᠪᠠᠶᠢᠳᠠᠯ ᠢ ᠪᠦᠷᠢᠯᠳᠦᠬᠦᠯᠦᠨ᠂ ᠪᠦᠬᠦ ᠬᠤᠳᠠ ᠶᠢᠨ ᠴᠢᠨᠠᠷ ᠰᠠᠶᠢᠳᠠᠢ ᠬᠦᠭᠵᠢᠯᠳᠡ ᠳᠤ ᠰᠢᠨ᠎ᠡ ᠨᠡᠩ ᠶᠡᠭᠡ | ᠵᠢᠳᠬᠦᠯ ᠦᠵᠡᠬᠦᠯᠬᠦ ᠪᠤᠯᠤᠨ᠎ᠠ᠃ | | |