ᠣᠯᠠᠭᠠᠨᠳᠣᠯᠣᠭᠠᠢ ᠪᠠᠯᠭᠠᠰᠣᠨ ᠤ ᠪᠠᠶᠠᠡᠭᠤᠣᠯ ᠭᠠᠴᠠᠭ᠎ᠠ ᠡᠷᠡᠬᠦᠯᠵᠢᠯ ᠰᠣᠪᠢᠯᠠᠯ ᠤᠨ ᠳᠦᠪ ᠢ ᠪᠠᠶᠢᠭᠤᠯᠣᠭᠰᠠᠨ | ᠠᠴᠠ ᠨᠠᠰᠢ ᠮᠠᠯᠴᠢᠨ ᠳᠠᠷᠢᠶᠠᠴᠢᠳ ᠲᠤ ᠪᠠᠶ᠎ᠠ ᠰᠡᠳᠬᠢᠴᠡ ᠶᠢᠨ ᠡᠷᠡᠬᠦᠯ ᠮᠠᠨᠳᠣ ᠶᠢᠨ ᠬᠢᠴᠢᠶᠡᠯᠯᠡᠭᠡ ᠬᠢᠭᠦ ᠶᠢᠨ | ᠳᠠᠭᠠᠣ ᠳᠤ ᠣᠷᠣᠨ᠂ ᠬᠤᠳᠠ ᠶᠢᠨ ᠨᠠᠷᠡᠳᠣ ᠡᠮᠨᠡᠯᠬᠡ ᠶᠢᠨ ᠬᠤᠷᠢᠶ᠎ᠠ ᠲᠠᠢ ᠬᠤᠷᠰᠢᠨ ᠮᠠᠯᠴᠢᠨ ᠲᠠᠷᠢᠶᠠᠴᠢᠨ ᠳᠤ | ᠣᠳᠠᠭᠠᠨ ᠴᠢᠨᠠᠷᠳᠡᠢ ᠡᠪᠡᠳᠴᠢᠨ ᠢ ᠦᠨ᠎ᠡ ᠳᠦᠯᠣᠪᠣᠷᠢ ᠦᠬᠡᠢ ᠪᠠᠷ ᠪᠠᠶᠢᠴᠠᠭᠠᠨ ᠳᠣᠳᠣᠯᠠᠬᠤ ᠣᠶᠢᠯᠠᠴᠢᠯᠡᠭᠡ | ᠬᠠᠨᠭ᠍ᠭᠠᠵᠣ ᠮᠠᠯᠴᠢᠨ ᠲᠠᠷᠢᠶᠠᠴᠢᠨ ᠭᠡᠷ ᠤᠨ ᠢᠶᠠᠨ ᠡᠭᠦᠳᠡᠨ ᠳᠡᠭᠡᠷ᠎ᠡ ᠡᠪᠡᠳᠴᠢᠨ ᠡᠮᠬᠡᠭ ᠢᠶᠠᠨ ᠪᠠᠶᠢᠴᠠᠭᠠᠯᠭᠠᠵᠣ | ᠲᠡᠶᠢᠯᠬᠦ ᠪᠤᠯᠤᠭᠰᠠᠨ ᠪᠠᠶᠢᠨ᠎ᠠ᠃ | ᠣᠶᠢᠷ᠎ᠠ ᠶᠢᠨ ᠡᠳᠣᠷ᠂ ᠪᠠᠶᠠᠡᠭᠤᠣᠯ ᠭᠠᠴᠠᠭᠠᠨ ᠤ ᠡᠷᠡᠭᠦᠯᠵᠢᠯ ᠰᠣᠪᠢᠯᠡᠯ ᠤᠨ ᠳᠦᠪ ᠤᠨ ᠬᠢᠨ ᠦᠪᠦᠷ | ᠮᠤᠩᠭᠤᠯ ᠤᠨ ᠤᠯᠠᠨ ᠤᠯᠤᠰ ᠤᠨ ᠡᠮᠨᠡᠯᠭᠡ ᠶᠢᠨ ᠬᠤᠷᠢᠶᠠᠨ ᠤ ᠮᠤᠩᠭᠤᠯ ᠡᠮᠨᠡᠯᠭᠡ ᠶᠢᠨ ᠭᠠᠯ ᠲᠤᠮ ᠵᠠᠰᠠᠯ ᠶᠢᠨ | ᠰᠠᠯᠠᠭ᠎ᠠ ᠲᠠᠢ ᠬᠠᠮᠳᠣᠷᠠᠨ ᠦᠨᠳᠣᠰᠣᠨ ᠱᠠᠳᠣᠨ ᠤ ᠠᠵᠢᠯ ᠤᠨ ᠦᠷᠲᠡᠭᠡ ᠪᠠᠶᠢᠭᠤᠯᠵᠣ ᠣᠶᠢᠷ᠎ᠠ ᠬᠠᠪᠢ ᠶᠢᠨ | ᠮᠠᠯᠴᠢᠨ ᠳᠠᠷᠢᠶᠠᠴᠢᠳ ᠲᠤ ᠳᠦᠬᠦᠮ ᠦᠵᠡᠬᠦᠯᠵᠣ ᠡᠬᠢᠯᠡᠯ᠎ᠡ᠃ ᠡᠨ᠋ᠨ ᠵᠢᠯ 80 ᠨᠠᠰᠣᠨ ᠤ ᠦᠨᠳᠣᠷ ᠬᠤᠳᠤᠭ ᠲᠠᠢ | ᠳᠤᠭ ᠪᠠᠯᠭᠠᠰᠣᠨ ᠤ ᠮᠠᠯᠴᠢᠨ ᠠᠯᠲᠠᠨᠲᠤᠭᠤᠰ ᠡᠨᠡᠬᠦ ᠰᠤᠷᠠᠭ ᠢᠶᠠᠷ ᠲᠤᠰᠠᠬᠠᠶᠢᠯᠠᠨ ᠠᠳᠡ ᠢᠷᠡᠵᠤ ᠣᠷᠣᠨ ᠤ ᠨᠡᠷᠡᠳᠣ | ᠡᠮᠴᠢ ᠪᠠᠷ ᠡᠪᠡᠳᠴᠢᠨ ᠢᠶᠠᠨ ᠣᠨᠣᠰᠢᠯᠠᠭᠤᠯᠵᠣ ᠡᠮ ᠲᠡᠩ ᠠᠪᠬᠤ ᠣᠶᠢᠯᠡᠴᠢᠯᠡᠭᠡ ᠶᠢ ᠬᠦᠷᠳᠡᠪᠡ᠃ | ᠪᠠᠶᠠᠡᠭᠤᠣᠯ ᠭᠠᠴᠠᠭᠠᠨ ᠤ ᠡᠷᠡᠭᠦᠯᠵᠢᠯ ᠰᠣᠪᠢᠯᠡᠯ ᠤᠨ ᠳᠦᠪ ᠤᠨ ᠬᠢᠨ ᠮᠠᠯᠴᠢᠨ ᠳᠡᠷᠢᠶᠠᠴᠢᠨ ᠲᠤ ᠪᠡᠶ᠎ᠠ | ᠮᠠᠬᠠᠪᠣᠳ ᠤᠨ ᠪᠠᠶᠢᠴᠠᠭᠠᠯᠳᠠ ᠬᠢᠬᠦ ᠠᠴᠠ ᠭᠠᠳᠠᠨ᠎ᠠ ᠮᠠᠯᠵᠢᠬᠤ ᠲᠠᠷᠢᠶᠠᠯᠠᠬᠤ ᠣᠷᠣᠨ ᠤ 50 ᠨᠠᠰᠣᠨ ᠠᠴᠠ | ᠳᠡᠭᠡᠭᠰᠢᠬᠢ ᠮᠠᠯᠴᠢᠨ ᠳᠠᠷᠢᠶᠠᠴᠢᠨ ᠤ ᠦᠨᠳᠣᠷ ᠴᠢᠰᠣᠨ ᠳᠠᠷᠣᠯᠳᠡ᠂ ᠰᠢᠬᠡᠷ ᠰᠢᠵᠢᠩ ᠡᠪᠡᠳᠴᠢᠨ ᠵᠡᠷᠭᠡ ᠣᠳᠠᠭᠠᠨ | ᠴᠢᠨᠡᠷᠳᠡᠢ ᠡᠪᠡᠳᠴᠢᠨ ᠳᠤ ᠣᠨᠣᠰᠢᠯᠠᠯᠳᠡ ᠬᠢᠵᠣ ᠭᠠᠴᠠᠭᠠᠨ ᠤ ᠡᠷᠡᠬᠦᠯ ᠬᠠᠮᠠᠭᠠᠯᠠᠯ ᠤᠨ ᠳᠦᠪ ᠲᠠᠢ ᠬᠠᠮᠳᠣᠷᠠᠨ | ᠡᠷᠡᠬᠦᠯ ᠮᠠᠨᠳᠣ ᠶᠢᠨ ᠳᠠᠩᠰᠠ ᠡᠪᠬᠡᠮᠡᠯ ᠪᠠᠶᠢᠭᠤᠯᠣᠨ ᠡᠮᠨᠡᠨ ᠵᠠᠰᠠᠬᠤ ᠳᠦᠰᠣᠪ ᠭᠠᠷᠭᠠᠵᠣ ᠪᠠᠶᠢᠨ᠎ᠠ᠃ | ᠣᠶᠢᠷ᠎ᠠ ᠶᠢᠨ ᠵᠢᠯ ᠠᠴᠠ ᠨᠠᠰᠢ᠂ ᠣᠯᠠᠭᠠᠨᠳᠣᠯᠣᠭᠠᠢ ᠪᠠᠯᠭᠠᠰᠣ ᠨᠢ ᠬᠦᠳᠡᠭᠡ ᠳᠣᠰᠬᠤᠨ ᠢ ᠬᠦᠭᠵᠢᠬᠦᠯᠣᠨ | ᠮᠠᠨᠳᠣᠭᠤᠯᠬᠤ ᠪᠠᠶᠢᠯᠳᠣᠬᠤ ᠪᠣᠳᠣᠯᠭ᠎ᠠ ᠲᠠᠢ ᠤᠶᠠᠯᠳᠤᠭᠤᠯᠤᠨ ᠪᠠᠶᠠᠡᠭᠤᠣᠯ ᠭᠠᠴᠠᠭᠠᠨ ᠤ ᠡᠷᠡᠭᠦᠯᠵᠢᠯ ᠰᠣᠪᠢᠯᠡᠯ ᠤᠨ | ᠳᠦᠪ ᠢ ᠪᠠᠶᠢᠭᠤᠯᠤᠨ ᠨᠢᠳᠣᠨᠣᠨ ᠤ 9 ᠰᠠᠷ᠎ᠠ ᠳᠤ ᠭᠡᠷᠡᠭᠯᠡᠯᠳᠡ ᠳᠤ ᠣᠷᠣᠭᠤᠯᠵᠣ ᠰᠠᠷ᠎ᠠ ᠪᠣᠯᠭᠠᠨ ᠨᠢᠬᠡ ᠣᠳᠠᠭᠠᠨ ᠤ | ᠪᠦᠬᠦ ᠠᠷᠡᠳ ᠤᠨ ᠡᠷᠡᠬᠦᠯ ᠮᠠᠨᠳᠣ ᠶᠢᠨ ᠬᠢᠴᠢᠶᠠᠯᠯᠡᠭᠡ ᠲᠠᠶᠢᠯᠣᠮᠵᠢ ᠶᠢ ᠡᠷᠬᠢᠯᠡᠨ ᠬᠢᠵᠣ ᠪᠠᠶᠢᠭᠰᠠᠨ ᠠᠴᠠ ᠡᠨ᠋ᠨ ᠵᠢᠯ | ᠠᠴᠠ ᠡᠬᠢᠯᠡᠨ ᠦᠪᠦᠷ ᠮᠤᠩᠭᠤᠯ ᠤᠨ ᠤᠯᠠᠨ ᠤᠯᠤᠰ ᠤᠨ ᠡᠮᠨᠡᠯᠭᠡ ᠶᠢᠨ ᠬᠤᠷᠢᠶ᠎ᠠ᠂ ᠬᠤᠳᠠ ᠶᠢᠨ ᠡᠷᠡᠬᠦᠯ ᠮᠡᠨᠳᠣ | ᠶᠢᠨ ᠪᠠᠶᠢᠴᠠᠭᠠᠯᠲᠠ ᠵᠡᠷᠭᠡ ᠲᠠᠢ ᠬᠤᠷᠰᠢᠨ ᠡᠮᠴᠢ ᠮᠡᠷᠭᠡᠵᠢᠯᠳᠡᠳ ᠠᠴᠠ ᠮᠠᠯᠴᠢᠨ ᠳᠡᠷᠢᠶᠠᠴᠢᠳ ᠲᠤ ᠳᠣᠭᠳᠠᠭᠰᠠᠨ | ᠬᠤᠭᠤᠴᠠᠭ᠎ᠠ ᠲᠠᠢ ᠪᠠᠷ ᠡᠷᠡᠬᠦᠯ ᠮᠡᠨᠳᠣ ᠶᠢᠨ ᠳᠠᠶᠢᠯᠣᠮᠵᠢ᠂ ᠰᠦᠢᠳᠬᠡᠯ ᠬᠤᠷᠢᠶᠠᠬᠤ ᠦᠬᠡᠢ ᠡᠮᠴᠢᠯᠡᠭᠡ ᠬᠢᠵᠣ | ᠮᠠᠯᠴᠢᠨ ᠳᠡᠷᠢᠶᠠᠴᠢᠨ ᠤ ᠡᠷᠡᠬᠦᠯ ᠮᠡᠨᠳᠣ ᠶᠢ ᠬᠠᠯᠠᠮᠵᠢᠯᠠᠵᠣ ᠪᠠᠶᠢᠨ᠎ᠠ᠃ |