7 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ | ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠵᠣᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠰᠣ᠋ ᠰᠢᠨ ᠹᠠ ᠨᠠᠷ ᠮᠠᠨ | ᠤ ᠬᠤᠰᠢᠭᠤᠨ ᠤ ᠰᠢᠨ᠎ᠡ ᠪᠠᠷ ᠳᠣᠮᠢᠯᠠᠭᠳᠠᠭᠰᠠᠨ ᠰᠠᠯᠠᠭᠠᠨ ᠳᠡᠰ ᠤᠨ ᠺᠠᠳ᠋ᠷᠴᠣᠳ ᠲᠠᠢ ᠶᠠᠷᠢᠯᠴᠠᠪᠠ᠃ ᠡᠷᠳᠡᠨᠢᠪᠢᠯᠢᠭ | ᠰᠢᠨ᠎ᠡ ᠪᠠᠷ ᠳᠣᠮᠢᠯᠠᠭᠳᠠᠭᠰᠠᠨ ᠰᠠᠯᠠᠭᠠᠨ ᠳᠡᠰ ᠤᠨ ᠺᠠᠳ᠋ᠷᠴᠣᠳ ᠦᠳᠳᠡᠷ ᠳᠦᠷᠭᠡᠨ ᠢᠶᠠᠷ ᠣᠷᠣᠨ ᠪᠠᠶᠢᠷᠢ ᠳᠠᠭᠠᠨ | ᠳᠠᠰᠴᠦ ᠰᠢᠨ᠎ᠡ ᠦᠷ᠎ᠡ ᠪᠦᠲᠦᠮᠵᠢ ᠡᠭᠦᠳᠦᠨ ᠳᠡᠪᠴᠢᠶᠡᠷᠢ ᠲᠠᠢ ᠬᠠᠷᠢᠭᠤᠴᠠᠯᠭ᠎ᠠ ᠲᠠᠢ ᠪᠠᠷ ᠴᠦᠬᠦᠷᠡᠰᠢ ᠦᠬᠡᠢ | ᠳᠡᠮᠡᠴᠡᠵᠦ ᠪᠦᠬᠦ ᠬᠤᠰᠢᠭᠤᠨ ᠤ ᠺᠠᠳ᠋ᠷᠴᠣᠳ ᠲᠤ ᠳᠠᠭᠤᠷᠢᠶᠠᠯ ᠪᠣᠯᠵᠦ ᠪᠣᠳᠠᠳᠣ ᠦᠢᠯᠡ ᠠᠵᠢᠯᠯᠠᠭ᠎ᠠ ᠪᠠ ᠬᠢᠷᠢ | ᠪᠦᠲᠦᠮᠵᠢ ᠪᠠᠷ ᠢᠶᠠᠨ ᠵᠣᠬᠢᠶᠠᠨ ᠪᠠᠶᠢᠭᠤᠯᠣᠯᠳᠠ ᠶᠢᠨ ᠦᠨᠡᠯᠡᠯᠳᠡ ᠶᠢ ᠣᠯᠵᠦ ᠣᠯᠠᠨ ᠳᠦᠮᠡᠨ ᠤ ᠢᠳᠡᠬᠡᠯ ᠢ | ᠣᠯᠬᠤ ᠬᠡᠷᠡᠭᠲᠡᠢ ᠬᠡᠵᠦ ᠱᠠᠭᠠᠷᠳᠠᠪᠠ᠃ | ᠡᠷᠳᠡᠨᠢᠪᠢᠯᠢᠭ ᠵᠢᠭᠠᠬᠤ ᠳᠠᠭᠠᠨ᠂ ᠬᠤᠰᠢᠭᠤ ᠨᠠᠮ ᠤᠨ ᠬᠤᠷᠢᠶ᠎ᠠ ᠬᠤᠶᠢᠰᠢᠳᠠ ᠦᠷᠬᠦᠯᠵᠢᠯᠠᠨ ᠦᠨᠳᠦᠰᠦᠨ | ᠱᠠᠳᠣᠨ ᠤ ᠠᠵᠢᠯ ᠢ ᠴᠢᠩᠭ᠎ᠠ ᠠᠳᠬᠤᠵᠦ ᠦᠨᠳᠦᠰᠦᠨ ᠱᠠᠳᠣᠨ ᠤ ᠬᠦᠴᠢᠷ ᠳᠦᠭᠰᠢᠬᠦᠷᠢ ᠲᠠᠢ ᠠᠵᠢᠯ ᠤᠨ ᠪᠠᠶᠢᠷᠢ | ᠪᠠᠷ ᠺᠠᠳ᠋ᠷᠴᠣᠳ ᠢ ᠬᠦᠮᠦᠵᠢᠬᠦᠯᠬᠦ ᠰᠠᠭᠤᠷᠢᠨ ᠭᠠᠵᠠᠷ ᠪᠣᠯᠭᠠᠵᠦ ᠵᠠᠯᠠᠭᠤ ᠺᠠᠳ᠋ᠷᠴᠣᠳ ᠢ ᠬᠦᠮᠦᠵᠢᠬᠦᠯᠬᠦ ᠬᠦᠴᠦᠯᠡᠴᠡ | ᠪᠠᠨ ᠴᠢᠩᠭᠠᠳᠬᠠᠵᠦ ᠵᠠᠯᠠᠭᠤ ᠺᠠᠳ᠋ᠷᠴᠣᠳ ᠤᠨ ᠣᠯᠠᠨ ᠲᠦᠮᠡᠨ ᠳᠤ ᠦᠢᠯᠡᠴᠢᠯᠡᠬᠦ᠂ ᠬᠦᠴᠢᠷ ᠪᠡᠷᠬᠡ ᠶᠢ ᠳᠣᠭᠤᠯᠬᠤ | ᠴᠢᠳᠠᠪᠣᠷᠢ ᠶᠢ ᠳᠡᠭᠡᠭᠰᠢᠯᠡᠬᠦᠯᠤᠨ᠎ᠠ ᠬᠡᠪᠡ᠃ ᠳᠡᠷᠡ ᠱᠠᠭᠠᠷᠳᠠᠬᠤ ᠳᠠᠭᠠᠨ᠂ ᠰᠢᠨ᠎ᠡ ᠪᠠᠷ ᠳᠣᠮᠢᠯᠠᠭᠳᠠᠭᠰᠠᠨ ᠰᠠᠯᠠᠭᠠᠨ | ᠳᠡᠰ ᠤᠨ ᠺᠠᠳ᠋ᠷᠴᠣᠳ ᠢᠳᠡᠭᠡᠯ ᠪᠢᠰᠢᠷᠡᠯ ᠢᠶᠠᠨ ᠪᠠᠳᠣᠳᠬᠠᠵᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠶᠢ ᠰᠣᠷᠣᠯᠴᠠᠨ ᠲᠤᠭᠤᠰᠢᠯᠠᠭᠤᠯᠵᠤ | ᠣᠨᠣᠯ ᠢᠶᠠᠷ ᠳᠠᠷᠢᠬᠢ ᠪᠠᠨ ᠵᠡᠪᠰᠡᠭᠯᠡᠵᠦ ᠦᠨᠳᠦᠰᠦᠨ ᠵᠠᠷᠴᠢᠮ ᠢ ᠬᠦᠨᠵᠡᠬᠡᠢ ᠦᠢᠯᠡᠳᠦᠯᠬᠡᠵᠢᠬᠦᠯᠵᠦ ᠠᠤᠭ᠎ᠠ ᠬᠠᠷᠠᠯᠳᠠ | ᠶᠢᠨ ᠳᠦᠯᠦᠬᠡ ᠡᠷᠡᠮᠡᠬᠡᠶᠢᠯᠡᠨ ᠣᠷᠣᠭᠰᠢᠯᠠᠵᠦ ︽ᠳᠦᠷᠪᠡᠨ ᠣᠬᠠᠮᠰᠠᠷ︾ ᠢ ᠴᠢᠩᠭᠠᠳᠬᠠᠵᠦ ︽ᠳᠦᠷᠪᠡᠨ ᠢᠳᠡᠭᠡᠯ︾ | ᠢ ᠪᠠᠳᠣᠳᠬᠠᠨ ︽ᠬᠤᠶᠠᠷ ᠢ ᠬᠠᠮᠠᠭᠠᠯᠠᠬᠤ︾ ᠶᠢ ᠪᠠᠷᠢᠮᠳᠠᠯᠠᠵᠦ ᠨᠠᠮ ᠤᠨ ᠰᠠᠬᠢᠯᠭ᠎ᠠ ᠪᠠᠳᠣ ᠶᠢ ᠰᠠᠬᠢᠵᠦ ᠨᠡᠶᠢᠬᠡᠮ | ᠵᠢᠷᠣᠮ ᠤᠨ ᠭᠤᠣᠯᠯᠠᠭᠴᠢ ᠦᠷᠳᠡᠭ ᠤᠨ ᠦᠵᠡᠯᠳᠡ ᠶᠢ ᠬᠢᠨᠠᠮᠠᠭᠠᠢ ᠲᠤᠭᠤᠰᠢᠯᠠᠭᠤᠯᠵᠤ ᠬᠡᠯᠪᠡᠷᠢ ᠶᠢᠨ ᠦᠵᠡᠯᠳᠡ᠂ | ᠨᠣᠶᠠᠨᠴᠢ ᠦᠵᠡᠯᠳᠡ ᠶᠢ ᠡᠷᠡᠰ ᠲᠠᠪᠴᠢᠨ ᠣᠯᠠᠨ ᠲᠦᠮᠡᠨ ᠲᠠᠢ ᠨᠢᠭᠳᠠ ᠬᠠᠷᠢᠯᠴᠠᠵᠦ ᠣᠯᠠᠨ ᠳᠦᠮᠡᠨ ᠤ ᠳᠦᠯᠦᠬᠡ | ᠠᠵᠢᠯᠯᠠᠵᠦ ᠣᠯᠠᠨ ᠳᠦᠮᠡᠨ ᠤ ᠠᠰᠢᠭ ᠳᠣᠰᠠ ᠶᠢ ᠣᠬᠠᠮᠰᠠᠷ ᠠᠴᠠ ᠪᠠᠨ ᠬᠠᠮᠠᠭᠠᠯᠠᠵᠦ ᠴᠢᠬᠡᠴᠢ ᠵᠠᠰᠠᠭᠯᠠᠯ ᠤᠨ | ᠳᠠᠭᠤᠷᠢᠶᠠᠯ ᠪᠣᠯᠬᠤ ᠬᠡᠷᠡᠭᠲᠡᠢ ᠬᠡᠪᠡ᠃ ᠳᠡᠷᠡ ᠴᠢᠬᠤᠯᠠᠴᠢᠯᠠᠬᠤ ᠳᠤ ᠪᠠᠨ᠂ ᠰᠢᠨ᠎ᠡ ᠪᠠᠷ ᠳᠣᠮᠢᠯᠠᠭᠳᠠᠭᠰᠠᠨ ᠰᠠᠯᠠᠭᠠᠨ | ᠳᠡᠰ ᠤᠨ ᠺᠠᠳ᠋ᠷᠴᠣᠳ ᠮᠣᠬᠤᠷᠠᠰᠢ ᠦᠬᠡᠢ ᠵᠣᠷᠢᠭ ᠰᠠᠨᠠᠭ᠎ᠠ ᠪᠠᠷ ᠡᠷᠡᠮᠡᠬᠡᠶᠢᠯᠡᠨ ᠳᠡᠮᠡᠴᠡᠵᠦ ᠬᠤᠰᠢᠭᠤ ᠨᠠᠮ ᠤᠨ | ᠬᠤᠷᠢᠶᠠᠨ ᠤ ᠭᠤᠣᠯᠳᠠᠯᠭ᠎ᠠ ᠲᠠᠢ ᠠᠵᠢᠯ ᠤᠨ ᠳᠣᠭᠤᠷᠢᠨ ᠳᠤ ᠵᠣᠬᠢᠶᠠᠨ ᠪᠠᠶᠢᠭᠤᠯᠣᠯᠳᠠ ᠪᠠ ᠣᠯᠠᠨ ᠲᠦᠮᠡᠨ ᠳᠤ | ᠬᠦᠷᠢᠶᠡᠯᠡᠭᠳᠡᠭᠰᠡᠨ ᠪᠣᠳᠠᠳᠣ ᠪᠦᠲᠦᠮᠵᠢ ᠪᠠᠷ ᠢᠶᠠᠨ ᠴᠢᠨᠠᠷ ᠰᠠᠶᠢᠳᠠᠢ ᠬᠦᠭᠵᠢᠯᠲᠡ ᠶᠢ ᠠᠬᠢᠭᠤᠯᠣᠨ ᠨᠣᠮᠢᠨ ᠳᠠᠩᠰᠤᠭ | ᠬᠦᠭᠵᠢᠨ ᠮᠠᠨᠳᠣᠯᠳᠠ ᠶᠢ ᠪᠡᠶᠡᠯᠡᠬᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠬᠦᠯᠦᠰᠦᠬᠡᠢ ᠬᠡᠪᠡ᠃ | ᠰᠣ᠋ ᠰᠢᠨ ᠹᠠ ᠴᠢᠬᠤᠯᠠᠴᠢᠯᠠᠬᠤ ᠳᠠᠭᠠᠨ᠂ ᠰᠢᠨ᠎ᠡ ᠪᠠᠷ ᠳᠣᠮᠢᠯᠠᠭᠳᠠᠭᠰᠠᠨ ᠰᠠᠯᠠᠭᠠᠨ ᠳᠡᠰ ᠤᠨ ᠺᠠᠳ᠋ᠷᠴᠣᠳ | ᠦᠳᠳᠡᠷ ᠲᠦᠷᠬᠡᠨ ᠢᠶᠠᠷ ᠠᠵᠢᠯ ᠤᠨ ᠪᠠᠶᠢᠷᠢᠨ ᠳᠠᠭᠠᠨ ᠳᠠᠰᠴᠦ ᠠᠵᠢᠯ ᠳᠠᠭᠠᠨ ᠭᠠᠷᠮᠠᠭᠠᠶᠢᠯᠠᠵᠦ ᠰᠢᠨ᠎ᠡ ᠪᠦᠲᠦᠮᠵᠢ | ᠡᠬᠦᠳᠬᠦ ᠶᠢᠨ ᠬᠠᠮᠲᠣ ᠪᠡᠶ᠎ᠡ ᠪᠠᠨ ᠴᠢᠩᠭ᠎ᠠ ᠱᠠᠭᠠᠷᠳᠠᠵᠦ ᠠᠷᠢᠭᠤᠨ ᠴᠢᠬᠡᠴᠢ ᠪᠠᠷ ᠵᠠᠰᠠᠭ ᠪᠠᠷᠢᠵᠦ ᠨᠡᠷ᠎ᠡ ᠨᠢᠳᠡᠷ ᠲᠤ | ᠪᠠᠨ ᠳᠡᠩᠴᠡᠭᠰᠡᠨ ᠣᠳᠣᠷᠢᠳᠬᠤ ᠺᠠᠳ᠋ᠷ ᠪᠣᠯᠬᠤ ᠬᠡᠷᠡᠭᠲᠡᠢ᠃ ᠣᠯᠣᠰ ᠳᠦᠷᠦ ᠶᠢᠨ ᠰᠠᠬᠢᠯᠠᠭ᠎ᠠ ᠪᠠᠳᠣ ᠪᠠ ᠳᠦᠷᠢᠮ | ᠳᠣᠭᠳᠠᠭᠠᠯ ᠢ ᠴᠢᠩᠭ᠎ᠠ ᠪᠠᠷᠢᠮᠳᠠᠯᠠᠵᠦ ᠣᠯᠣᠰ ᠳᠦᠷᠦ ᠶᠢᠨ ᠵᠣᠭᠰᠣᠴᠠ ᠪᠠ ᠣᠬᠠᠮᠰᠠᠷ ᠢᠶᠠᠨ ᠳᠡᠭᠡᠭᠰᠢᠯᠡᠬᠦᠯᠦᠨ ︽ | ᠨᠢᠬᠡ ᠠᠵᠢᠯ ᠤᠨ ᠪᠠᠶᠢᠷᠢᠨ ᠳᠤ ᠬᠤᠶᠠᠷ ᠬᠠᠷᠢᠭᠤᠴᠠᠯᠭ᠎ᠠ ᠶᠢ ᠡᠬᠦᠷᠭᠡᠯᠡᠬᠦ︾ ᠱᠠᠭᠠᠷᠳᠠᠯᠭ᠎ᠠ ᠶᠣᠰᠣᠭᠠᠷ ︽ᠨᠠᠮ ᠵᠠᠰᠠᠭ | ᠤᠨ ᠣᠳᠣᠷᠢᠳᠬᠤ ᠺᠠᠳ᠋ᠷᠴᠣᠳ ᠢ ᠬᠢᠨᠠᠨ ᠰᠢᠯᠭᠠᠬᠤ ᠠᠵᠢᠯ ᠤᠨ ᠲᠦᠷᠢᠮ︾ ᠢ ᠨᠠᠷᠢᠨ ᠬᠢᠨᠠᠮᠠᠭᠠᠢ ᠲᠤᠭᠤᠰᠢᠯᠠᠭᠤᠯᠵᠤ | ᠰᠣᠷᠣᠯᠴᠠᠯᠭ᠎ᠠ ᠪᠠᠨ ᠴᠢᠩᠭᠠᠳᠬᠠᠨ ᠬᠢᠨᠠᠯᠳᠠ ᠶᠢ ᠬᠦᠯᠢᠶᠡᠵᠦ ᠣᠳᠣᠷᠢᠳᠬᠤ ᠪᠠᠭ ᠤᠨ ᠬᠡᠰᠢᠬᠦᠳ ᠪᠠ ᠪᠦᠬᠦ ᠺᠠᠳ᠋ᠷ | ᠠᠵᠢᠯᠳᠠᠳ ᠲᠠᠢ ᠪᠠᠨ ᠠᠷᠭ᠎ᠠ ᠣᠬᠠᠭᠠᠨ ᠰᠦᠪᠡᠭᠴᠢᠯᠡᠵᠦ ᠰᠢᠨ᠎ᠡ ᠪᠦᠲᠦᠮᠵᠢ ᠭᠠᠷᠭᠠᠨ ᠠᠵᠢᠯ ᠢᠶᠠᠨ ᠰᠢᠨ᠎ᠡ ᠳᠡᠭᠳᠡᠷ | ᠲᠤ ᠭᠠᠷᠭᠠᠬᠤ ᠬᠡᠷᠡᠭᠲᠡᠢ᠃ ᠡᠬᠦᠷᠭᠡ ᠳᠣᠰᠢᠶᠠᠯ ᠢᠶᠠᠨ ᠰᠠᠶᠢᠳᠣᠷ ᠬᠦᠢᠴᠡᠳᠬᠡᠵᠦ᠂ ᠠᠷᠢᠭᠤᠨ ᠴᠢᠬᠡᠴᠢ ᠪᠠᠷ ᠠᠷᠠᠳ | ᠲᠦᠮᠡᠨ ᠳᠤ ᠦᠢᠯᠡᠴᠢᠯᠡᠵᠦ ᠡᠬᠦᠷᠢᠳᠡ ᠨᠠᠮ ᠢᠶᠠᠨ ᠳᠠᠭᠠᠵᠦ ᠣᠯᠣᠰ ᠳᠦᠷᠦ᠂ ᠦᠵᠡᠯ ᠰᠠᠨᠠᠭ᠎ᠠ᠂ ᠰᠣᠷᠣᠯᠴᠠᠯᠭ᠎ᠠ᠂ | ᠠᠵᠢᠯ᠂ ᠠᠵᠣ ᠠᠬᠤᠢ᠂ ᠰᠣᠷᠳᠠᠯ ᠵᠡᠷᠬᠡ ᠡᠯ᠎ᠡ ᠳᠠᠯ᠎ᠠ ᠪᠠᠷ ᠳᠠᠭᠤᠷᠢᠶᠠᠯ ᠦᠵᠡᠬᠦᠯᠵᠦ ᠪᠣᠳᠠᠳᠣ ᠦᠢᠯᠡ ᠠᠵᠢᠯᠯᠠᠭ᠎ᠠ | ᠪᠠᠷ ᠢᠶᠠᠨ ᠵᠣᠬᠢᠶᠠᠨ ᠪᠠᠶᠢᠭᠤᠯᠣᠯᠲᠠ ᠪᠠ ᠠᠷᠠᠳ ᠲᠦᠮᠡᠨ ᠢ ᠬᠦᠰᠡᠷᠳᠡᠬᠦᠯᠬᠦ ᠦᠬᠡᠢ ᠪᠠᠶᠢᠬᠤ ᠬᠡᠷᠡᠭᠲᠡᠢ ᠬᠡᠪᠡ᠃ | ᠬᠤᠷᠠᠯ ᠳᠡᠭᠡᠷ᠎ᠡ᠂ ᠰᠢᠨ᠎ᠡ ᠪᠠᠷ ᠳᠣᠮᠢᠯᠠᠭᠳᠠᠭᠰᠠᠨ ᠰᠠᠯᠠᠭᠠᠨ ᠳᠡᠰ ᠤᠨ ᠺᠠᠳ᠋ᠷᠴᠣᠳ ᠳᠣᠰ ᠳᠣᠰ ᠣᠪᠣᠷ ᠢᠶᠠᠨ | ᠢᠯᠠᠳᠭᠡᠪᠡ ᠃ |