7 ᠰᠠᠷ᠎ᠠ ᠶᠢᠨ 10 ᠤ ᠡᠳᠦᠷ᠂ ᠮᠠᠨ ᠤ ᠬᠤᠰᠢᠭᠤ ︽ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠦᠮᠦᠵᠢᠯ ᠤᠨ ᠲᠤᠬᠠᠢ ᠤᠷᠢᠳᠴᠢᠯᠠᠨ ᠰᠤᠷᠤᠯᠴᠠᠬᠤ | ᠵᠢᠴᠢ ︽ᠶᠡᠭᠡ ᠰᠤᠷᠤᠯᠴᠠᠯᠭ᠎ᠠ᠂ ᠶᠡᠭᠡ ᠶᠠᠷᠢᠯᠴᠠᠭ᠎ᠠ︾ ᠶᠢᠨ ᠠᠬᠤᠢ ᠲᠠᠯᠠᠪᠠᠢ ᠶᠢᠨ ᠰᠤᠷᠤᠯᠴᠠᠨ ᠰᠤᠳᠤᠯᠬᠤ | ᠠᠵᠢᠯᠯᠠᠭ᠎ᠠ ᠦᠷᠨᠢᠭᠦᠯᠪᠡ᠃ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠸᠢ ᠯᠤ᠋᠂ ᠬᠤᠰᠢᠭᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠦᠷᠦ ᠶᠢᠨ | ᠵᠦᠪᠯᠡᠯᠭᠡᠨ ᠤ ᠲᠠᠷᠢᠭᠦᠯᠡᠭᠴᠢ ᠬᠤᠤ ᠸᠧᠢ ᠵᠡᠷᠭᠡ ᠭᠡᠷ ᠲᠡᠭᠡᠨ ᠪᠠᠶᠢᠭ᠎ᠠ ᠰᠢᠶᠠᠨ ᠤ ᠳᠡᠰ ᠤᠨ ᠤᠳᠤᠷᠢᠳᠤᠯᠭ᠎ᠠ ᠵᠢᠴᠢ | ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠤᠷᠳᠤᠨ ᠤ ᠠᠯᠪᠠᠨ ᠭᠡᠷ᠂ ᠵᠤᠬᠢᠶᠠᠨ ᠪᠠᠶᠢᠭᠤᠯᠬᠤ | ᠬᠡᠯᠲᠡᠰ᠂ ᠤᠬᠠᠭᠤᠯᠬᠤ ᠬᠡᠯᠲᠡᠰ᠂ ᠭᠥᠭᠵᠢᠭᠦᠯᠥᠯᠳᠠ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ | ᠲᠤᠪᠴᠢᠶ᠎ᠠ ᠵᠡᠷᠭᠡ ᠰᠠᠯᠠᠭ᠎ᠠ ᠮᠥᠴᠢᠷ ᠪᠠ ᠰᠢᠷᠬᠤᠰᠤᠨ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ | ᠠᠵᠢᠯᠯᠠᠭ᠎ᠠ ᠳᠤ ᠤᠷᠤᠯᠴᠠᠪᠠ᠃ | | | | | | | | | | | | | ᠠᠵᠢᠯᠯᠠᠭ᠎ᠠ ᠲᠡᠭᠡᠷ᠎ᠡ ᠦᠪᠡᠷᠲᠡᠭᠡᠨ ᠵᠠᠰᠠᠬᠤ ᠤᠷᠤᠨ ᠤ ᠰᠤᠶᠤᠯ ᠵᠤᠭᠠᠴᠠᠯ ᠤᠨ ᠲᠤᠰᠬᠠᠢ ᠮᠡᠷᠭᠡᠵᠢᠯᠳᠠᠨ᠂ | ᠰᠢᠨᠬᠤᠸᠠ ᠬᠤᠷᠢᠶᠠᠨ ᠤ ᠰᠤᠨᠢᠨ ᠮᠡᠳᠡᠭᠡᠨ ᠰᠤᠷᠠᠭ ᠵᠠᠩᠭᠢ ᠶᠢᠨ ᠲᠦᠪ ᠤᠨ ᠦᠪᠦᠷ ᠮᠤᠩᠭᠤᠯ ᠳᠠᠬᠢ ᠬᠤᠪᠢᠶᠠᠷᠢ | ᠲᠦᠪ ᠤᠨ ᠲᠤᠰᠬᠠᠢ ᠮᠡᠷᠭᠡᠵᠢᠯᠲᠡᠨ ᠵᠦᠪᠯᠡᠭᠴᠢ ᠴᠧᠨ ᠵᠢᠶᠠᠨ ᠸᠧᠨ᠂ ᠤᠷᠳᠤᠰ ᠬᠤᠲᠠ ᠶᠢᠨ ᠤᠷᠤᠨ ᠨᠤᠳᠤᠭ ᠤᠨ | ᠰᠤᠶᠤᠯ ᠤᠨ ᠡᠷᠳᠡᠮᠲᠡᠨ ᠶᠠᠩ ᠳᠤᠷᠵᠢ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠺᠠᠳ᠋ᠷ ᠬᠤᠤ ᠵᠢᠢ ᠵᠦᠩ | ᠵᠡᠷᠭᠡ ᠭᠤᠷᠪᠠᠨ ᠡᠷᠳᠡᠮᠲᠡᠨ ᠪᠠᠭᠰᠢ ᠶᠢ ᠤᠨᠴᠠᠭᠠᠶᠢᠯᠠᠨ ᠤᠷᠢᠵᠤ ᠬᠠᠮᠢᠶ᠎ᠠ ᠪᠦᠬᠦᠢ ᠬᠤᠪᠢᠰᠬᠠᠯᠲᠤ ᠲᠡᠤᠬᠡ ᠶᠢᠨ | ᠲᠤᠬᠠᠢ ᠲᠠᠶᠢᠪᠤᠷᠢᠯᠠᠯᠲᠠ ᠭᠢᠯᠭᠡᠪᠠ᠃ ᠤᠷᠳᠤᠰ ᠤᠨ ᠠᠩᠬᠠᠳᠠᠭᠴᠢ ᠨᠠᠮ ᠤᠨ ᠪᠠᠭ᠎ᠠ ᠳᠤᠭᠤᠶᠢᠯᠠᠩ ᠤᠨ ᠬᠠᠭᠤᠴᠢᠨ | ᠪᠠᠭᠤᠷᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠬᠤᠷᠢᠶ᠎ᠠ ᠶᠢᠨ ᠠᠯᠪᠠᠯᠠᠬᠤ | ᠲᠤᠭᠤᠷᠢᠭ ᠤᠨ ᠬᠠᠭᠤᠴᠢᠨ ᠪᠠᠭᠤᠷᠢ᠂ ᠶᠠᠫᠤᠨ ᠢ ᠡᠰᠡᠷᠭᠦᠴᠡᠬᠦ ᠬᠤᠯᠪᠤᠭᠠᠲᠤ ᠴᠡᠷᠢᠭ ᠤᠨ ᠨᠡᠶᠢᠬᠡᠮᠯᠢᠭ ᠤᠨ ᠡᠷᠤᠭᠡ | ᠶᠢᠨ ᠴᠡᠷᠢᠭ ᠤᠨ ᠪᠠᠶᠢᠴᠠᠭᠠᠯᠲᠠ ᠶᠢᠨ ᠦᠷᠲᠡᠭᠡᠨ ᠤ ᠬᠠᠭᠤᠴᠢᠨ ᠪᠠᠭᠤᠷᠢ ᠵᠡᠷᠭᠡ ᠰᠤᠳᠤᠯᠤᠨ ᠰᠤᠷᠤᠯᠴᠠᠬᠤ ᠴᠡᠭ ᠲᠤ | ᠲᠠᠶᠠᠭᠠᠷ ᠢᠶᠠᠨ ᠭᠤᠷᠪᠠᠨ ᠪᠠᠭᠰᠢ ᠶᠢᠨ ᠲᠠᠶᠢᠪᠤᠷᠢᠯᠠᠯᠲᠠ ᠶᠢ ᠰᠤᠨᠤᠰᠬᠤ ᠪᠠᠷ ᠳᠠᠮᠵᠢᠨ ᠰᠠᠳᠭᠢᠯ ᠲᠤᠭᠳᠤᠯᠠᠭᠤᠯᠤᠮᠠ | ᠭᠡᠷᠡᠯ ᠰᠠᠴᠤᠷᠠᠩᠭᠤᠢ ᠲᠠᠤᠭᠡ ᠶᠢᠨ ᠦᠩᠭᠡᠷᠡᠯᠲᠡ ᠶᠢ ᠭᠥᠨᠵᠡᠭᠡᠢ ᠤᠶᠢᠯᠠᠭᠠᠵᠤ ᠳᠤᠮᠳᠠᠳᠤ ᠤᠯᠤᠰ ᠤᠨ ᠡᠪ ᠬᠠᠮᠲᠤ | ᠨᠠᠮ ᠤᠨ ᠦᠦᠰᠢᠨ ᠬᠤᠰᠢᠭᠤᠨ ᠤ ᠬᠤᠷᠢᠶ᠎ᠠ ᠶᠢᠨ ᠠᠯᠪᠠᠯᠠᠬᠤ ᠲᠤᠭᠤᠷᠢᠭ ᠤᠨ ᠬᠠᠭᠤᠴᠢᠨ ᠪᠠᠭᠤᠷᠢ ᠶᠢᠨ ᠨᠠᠮ ᠤᠨ | ᠰᠦᠯᠳᠡ ᠶᠢᠨ ᠲᠤᠤᠷ᠎ᠠ ᠨᠠᠮ ᠤᠨ ᠲᠤᠭ ᠲᠤ ᠬᠠᠨᠳᠤᠵᠤ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ | ᠠᠬᠤᠢ ᠲᠠᠯᠠᠪᠠᠢ ᠳᠠᠬᠢ ᠪᠦᠬᠦ ᠨᠡᠮ ᠤᠨ ᠭᠡᠰᠢᠭᠦᠳ ᠢ ᠳᠠᠭᠠᠭᠤᠯᠤᠨ ᠨᠠᠮ ᠳᠤ ᠤᠷᠤᠬᠤ ᠲᠠᠩᠭᠠᠷᠢᠭ ᠤᠨ ᠥᠭᠡ ᠶᠢ | ᠲᠠᠭᠢᠨ ᠡᠷᠭᠢᠴᠡᠭᠦᠯᠦᠨ ᠤᠩᠰᠢᠵᠤ ᠰᠢᠨ᠎ᠡ ᠳᠤᠮᠳᠠᠳᠤ ᠤᠯᠤᠰ ᠤᠨ ᠲᠦᠯᠦᠭᠡ ᠠᠮᠢ ᠪᠡᠶ᠎ᠡ ᠪᠠᠨ ᠵᠤᠷᠢᠭᠤᠯᠤᠭᠰᠠᠨ | ᠥᠷᠡᠭᠳᠡᠭᠰᠠᠨ ᠪᠠᠭᠠᠲᠤᠷᠴᠤᠳ ᠢᠶᠠᠨ ᠰᠠᠨᠠᠭᠠᠯᠵᠠᠪᠠ᠃ | | | | | | | | | | | | | ᠦᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠮᠦᠵᠢᠭᠦᠯᠦᠨ ᠵᠢᠯᠤᠭᠤᠳᠴᠤ ᠬᠤᠪᠢᠰᠬᠠᠯᠳᠤ | ᠤᠳᠤᠮᠰᠢᠯᠠᠯ ᠢ ᠤᠯᠠᠮᠵᠢᠯᠠᠨ ᠰᠢᠯᠢᠳᠡᠭ ᠤᠯᠠᠮᠵᠢᠯᠠᠯ ᠢ ᠪᠠᠳᠠᠷᠠᠭᠤᠯᠵᠤ ᠪᠦᠬᠦ ᠬᠤᠰᠢᠭᠤᠨ ᠤ ᠡᠯ᠎ᠡ ᠲᠦᠷᠦᠯ ᠤᠨ | ᠠᠵᠢᠯ ᠥᠢᠯᠡᠰ ᠢ ᠳᠢᠬᠢᠨ ᠰᠢᠨ᠎ᠡ ᠲᠡᠭᠲᠡᠷ ᠲᠤ ᠭᠠᠷᠭᠠᠬᠤ ᠶᠢ ᠳᠦᠯᠬᠢᠨ ᠠᠬᠢᠭᠤᠯᠬᠤ ᠶᠢᠨ ᠲᠦᠯᠦᠭᠡ ᠡᠷᠳᠡᠨᠢᠪᠢᠯᠢᠭ | ᠱᠠᠭᠠᠷᠳᠠᠬᠤ ᠳᠤ ᠪᠠᠨ᠂ ᠥᠵᠠᠯ ᠰᠠᠨᠠᠭ᠎ᠠ ᠲᠠᠨᠢᠯᠲᠠ ᠪᠠᠨ ᠲᠡᠭᠡᠭᠰᠢᠯᠠᠭᠦᠯᠭᠦ ᠲᠡᠭᠡᠷ᠎ᠡ ᠭᠦᠴᠦᠨ ᠢᠶᠠᠨ ᠨᠢᠭᠡᠳᠤᠭᠦᠯᠭᠦ | ᠬᠡᠷᠡᠭᠲᠡᠢ᠃ ᠪᠦᠬᠦ ᠬᠤᠰᠢᠭᠤᠨ ᠤ ᠦᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ᠂ ᠰᠢ ᠶᠢᠨ ᠫᠢᠩ ᠶᠡᠷᠦᠩᠬᠡᠢ | ᠱᠦᠵᠢ ᠶᠢᠨ ᠴᠢᠬᠤᠯᠠ ᠥᠭᠦᠯᠠᠯᠳᠠ ᠶᠢᠨ ᠵᠤᠷᠢᠭ ᠰᠠᠨᠠᠭ᠎ᠠ ᠶᠢ ᠭᠦᠨᠵᠡᠭᠡᠢ ᠤᠶᠢᠯᠠᠭᠠᠵᠤ ᠢᠳᠡᠭᠡᠯ ᠵᠤᠷᠢᠭ ᠢᠶᠠᠨ | ᠪᠠᠳᠤᠳᠬᠠᠨ ᠤᠨᠤᠯ ᠢᠶᠠᠷ ᠵᠡᠪᠰᠡᠭᠯᠡᠵᠤ ᠥᠪᠠᠷ ᠤᠨ ᠠᠤᠭ᠎ᠠ ᠶᠡᠭᠡ ᠬᠠᠷᠠᠯᠲᠠ ᠶᠢᠨ ᠵᠦᠭ ᠲᠠᠮᠠᠴᠠᠵᠤ ᠳᠤᠮᠳᠠᠳᠤ | ᠤᠯᠤᠰ ᠤᠨ ᠡᠪ ᠬᠠᠮᠲᠤ ᠨᠠᠮ ᠤᠨ ᠭᠡᠰᠢᠭᠦᠨ ᠤ ᠲᠠᠮᠠᠴᠠᠯ ᠤᠨ ᠵᠤᠷᠢᠭ ᠰᠠᠨᠠᠭ᠎ᠠ ᠶᠢ ᠢᠮᠠᠭᠳᠠ ᠪᠠᠷᠢᠮᠳᠠᠯᠠᠬᠤ ᠭᠡᠷᠡᠭᠳᠠᠢ | ᠃ ᠤᠷᠢᠳᠴᠢᠯᠠᠨ ᠠᠷᠭ᠎ᠠ ᠰᠥᠪᠡᠭᠴᠢᠯᠠᠭᠦ ᠲᠡᠭᠡᠷ᠎ᠡ ᠭᠦᠴᠦᠨ ᠢᠶᠠᠨ ᠨᠢᠭᠡᠳᠤᠭᠦᠯᠭᠦ ᠭᠡᠷᠡᠭᠳᠠᠢ᠃ ︽ᠤᠭ ᠰᠠᠨᠠᠭ᠎ᠠ ᠪᠠᠨ | ᠪᠠᠷᠢᠮᠲᠠᠯᠠᠨ᠂ ᠡᠭᠦᠷᠭᠡ ᠲᠤᠰᠢᠶᠠᠯ ᠢᠶᠠᠨ ᠭᠥᠢᠴᠡᠳᠭᠡᠵᠤ᠂ ᠵᠦᠷᠢᠶ᠎ᠡ ᠶᠢ ᠡᠷᠢᠨ᠂ ᠨᠠᠶᠢᠳᠠᠪᠤᠷᠢᠵᠢᠭᠤᠯᠤᠯᠳᠠ ᠶᠢ | ᠠᠳᠬᠤᠬᠤ︾ ᠶᠡᠷᠦᠩᠬᠡᠢ ᠱᠠᠭᠠᠷᠳᠠᠯᠭ᠎ᠠ ᠶᠢᠨ ᠲᠤᠭᠤᠷᠢᠨ ᠳᠤ ᠪᠠᠶᠢᠳᠠᠯ ᠢ ᠤᠷᠢᠳᠴᠢᠯᠠᠨ ᠤᠶᠢᠯᠠᠭᠠᠵᠤ ᠪᠠᠶᠢᠴᠠᠭᠠᠨ | ᠰᠤᠳᠤᠯᠤᠯᠳᠠ ᠪᠠ ᠵᠤᠬᠢᠶᠠᠨ ᠪᠠᠶᠢᠭᠤᠯᠬᠤ ᠪᠡᠯᠡᠳᠭᠡᠯ ᠢ ᠰᠠᠶᠢᠲᠤᠷ ᠬᠢᠵᠦ ᠨᠢᠭᠡᠳᠦᠭᠡᠷ ᠪᠦᠯᠦᠭ ᠭᠤᠤᠯ ᠰᠡᠳᠦᠪᠲᠦ | ᠬᠦᠮᠦᠵᠢᠯ ᠤᠨ ᠰᠢᠯᠢᠳᠡᠭ ᠠᠷᠭ᠎ᠠ ᠳᠤᠷᠰᠢᠯᠭ᠎ᠠ ᠪᠠᠷ ᠲᠤᠯᠢ ᠪᠤᠯᠭᠠᠵᠤ ᠦᠦᠰᠢᠨ ᠬᠤᠰᠢᠭᠤᠨ ᠤ ᠭᠤᠤᠯ ᠰᠡᠳᠦᠪᠲᠦ | ᠬᠦᠮᠦᠵᠢᠯ ᠤᠨ ᠠᠵᠢᠯ ᠤᠨ ᠲᠥᠰᠤᠯ ᠢ ᠰᠤᠳᠤᠯᠤᠨ ᠨᠤᠤᠷᠠᠭᠯᠠᠵᠦ ᠭᠤᠤᠯ ᠰᠡᠳᠦᠪᠲᠦ ᠬᠦᠮᠦᠵᠢᠯ ᠢ 9 ᠳ᠋ᠤᠭᠡᠷ ᠰᠠᠷ᠎ᠠ | ᠳᠤ ᠠᠮᠵᠢᠯᠳᠠ ᠲᠠᠢ ᠡᠬᠢᠯᠡᠬᠦᠯᠬᠦ ᠭᠡᠷᠡᠭᠳᠠᠢ᠃ ᠤᠷᠢᠳᠴᠢᠯᠠᠨ ᠰᠤᠷᠤᠯᠴᠠᠬᠤ ᠲᠡᠭᠡᠷ᠎ᠡ ᠭᠦᠴᠦᠨ ᠢᠶᠠᠨ ᠨᠢᠭᠡᠳᠤᠭᠦᠯᠭᠦ | ᠬᠡᠷᠡᠭᠲᠡᠢ᠃ ᠨᠢᠭᠡᠳᠦᠭᠡᠷ ᠪᠦᠯᠦᠭ ᠭᠤᠤᠯ ᠰᠡᠳᠦᠪᠲᠦ ᠬᠦᠮᠦᠵᠢᠯ ᠶᠠᠪᠤᠭᠳᠠᠬᠤ ᠬᠤᠭᠤᠴᠠᠭᠠᠨ ᠳᠤ ᠪᠦᠬᠦ ᠬᠤᠰᠢᠭᠤᠨ | ᠤ ᠭᠡᠪᠴᠢᠶᠠᠨ ᠳᠤ ᠤᠷᠢᠳ ᠢᠶᠠᠷ ᠰᠤᠷᠤᠯᠴᠠᠬᠤ ᠥᠷᠨᠢᠯᠳᠠ ᠭᠠᠷᠭᠠᠬᠤ ᠬᠡᠷᠡᠭᠲᠡᠢ᠃ ᠡᠯ᠎ᠡ ᠰᠠᠯᠠᠭ᠎ᠠ ᠮᠦᠴᠢᠷ ᠰᠢ ᠶᠢᠨ | ᠫᠢᠩ ᠶᠡᠷᠦᠩᠬᠡᠢ ᠱᠦᠵᠢ ᠶᠢᠨ ᠲᠦᠪ ᠤᠨ ᠭᠤᠤᠯ ᠰᠡᠳᠦᠪᠲᠦ ᠬᠦᠮᠦᠵᠢᠯ ᠤᠨ ᠠᠵᠢᠯ ᠤᠨ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠤᠷᠢᠭ ᠰᠠᠨᠠᠭ᠎ᠠ᠂ ᠲᠦᠪ ᠤᠨ ᠭᠤᠤᠯ ᠰᠡᠳᠤᠪᠲᠤ ᠬᠦᠮᠦᠵᠢᠯ ᠤᠨ ︽ᠰᠠᠨᠠᠯ︾ ᠤᠨ ᠵᠤᠷᠢᠭ | ᠰᠠᠨᠠᠭ᠎ᠠ ᠪᠠ ᠦᠪᠡᠷᠲᠡᠭᠡᠨ ᠵᠠᠰᠠᠬᠤ ᠤᠷᠤᠨ ᠤ ︽ᠬᠡᠷᠡᠭᠵᠢᠭᠦᠯᠬᠦ ᠲᠦᠰᠦᠪ︾ ᠤᠨ ᠵᠤᠷᠢᠭ ᠰᠠᠨᠠᠭ᠎ᠠ ᠵᠡᠷᠭᠡ ᠶᠢ | ᠬᠤᠰᠢᠭᠤ ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠰᠤᠷᠤᠯᠴᠠᠬᠤ | ᠠᠭᠤᠯᠭ᠎ᠠ ᠳᠤ ᠤᠷᠤᠭᠤᠯᠬᠤ ᠭᠡᠷᠡᠭᠳᠠᠢ᠃ ᠠᠰᠠᠭᠤᠳᠠᠯ ᠢ ᠰᠶᠢᠳᠪᠤᠷᠢᠯᠠᠭᠦ ᠲᠡᠭᠡᠷ᠎ᠡ ᠭᠦᠴᠦᠨ ᠢᠶᠠᠨ ᠨᠢᠭᠡᠳᠤᠭᠦᠯᠭᠦ | ᠬᠡᠷᠡᠭᠲᠡᠢ᠃ ᠶᠡᠭᠡ ᠰᠤᠷᠤᠯᠴᠠᠯᠭ᠎ᠠ ᠶᠡᠭᠡ ᠶᠠᠷᠢᠯᠴᠠᠭᠠᠨ ᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ | ᠲᠤᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ᠂ ᠡᠯ᠎ᠡ ᠲᠦᠷᠦᠯ ᠤᠨ ᠬᠢᠨᠠᠨ ᠪᠠᠶᠢᠴᠠᠭᠠᠯᠲᠠ ᠶᠢᠨ | ᠬᠠᠷᠢᠭᠤ ᠲᠤᠰᠬᠠᠭᠰᠠᠨ ᠠᠰᠠᠭᠤᠳᠠᠯ᠂ ᠠᠵᠢᠯᠯᠠᠭᠠᠨ ᠤ ᠲᠤᠮᠳᠠ ᠲᠡᠯᠭᠡᠭᠰᠠᠨ ᠠᠰᠠᠭᠤᠳᠠᠯ ᠵᠢᠴᠢ ᠤᠯᠠᠨ ᠲᠦᠮᠡᠨ ᠤ | ᠲᠤᠰᠬᠠᠯ ᠴᠢᠩᠭ᠎ᠠ ᠳᠤᠪᠤᠶᠢᠮ᠎ᠠ ᠠᠰᠠᠭᠤᠳᠠᠯ ᠤᠨ ᠡᠭᠦᠰᠦᠭᠰᠡᠨ ᠤᠴᠢᠷ ᠰᠢᠯᠲᠠᠭᠠᠨ ᠢ ᠭᠦᠨᠵᠡᠭᠡᠢ ᠵᠠᠳᠠᠯᠤᠨ ᠵᠠᠰᠠᠨ | ᠵᠠᠯᠠᠷᠠᠭᠤᠯᠬᠤ ᠠᠷᠭ᠎ᠠ ᠰᠥᠪᠡᠭᠴᠢᠯᠠᠭᠦ ᠭᠡᠷᠡᠭᠳᠠᠢ᠃ ᠬᠤᠪᠢᠰᠬᠠᠯᠳᠤ ᠰᠤᠶᠤᠯ ᠢ ᠠᠭᠤᠳᠠᠯᠠᠬᠤ ᠲᠡᠭᠡᠷ᠎ᠡ ᠭᠦᠴᠦᠨ ᠢᠶᠠᠨ | ᠨᠢᠭᠡᠳᠤᠭᠦᠯᠭᠦ ᠬᠡᠷᠡᠭᠲᠡᠢ᠃ ᠰᠢᠷᠬᠤᠰᠤᠨ ᠪᠠᠯᠭᠠᠰᠤ ᠪᠠ ᠡᠯ᠎ᠠ ᠰᠠᠯᠠᠭ᠎ᠠ ᠮᠥᠴᠢᠷ ᠤᠷᠳᠤᠰ ᠤᠨ ᠠᠩᠬᠠᠳᠠᠭᠴᠢ ᠨᠠᠮ | ᠤᠨ ᠪᠠᠭ᠎ᠠ ᠲᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠦᠰᠢᠨ ᠬᠤᠰᠢᠭᠤᠨ ᠤ ᠬᠤᠷᠢᠶ᠎ᠠ ᠶᠢᠨ | ᠠᠯᠪᠠᠯᠠᠬᠤ ᠲᠤᠭᠤᠷᠢᠭ᠂ ᠶᠠᠫᠤᠨ ᠢ ᠡᠰᠡᠷᠭᠦᠴᠡᠬᠦ ᠬᠤᠯᠪᠤᠭᠠᠲᠤ ᠴᠡᠷᠢᠭ ᠤᠨ ᠨᠡᠶᠢᠬᠡᠮᠯᠢᠭ ᠤᠨ ᠡᠷᠤᠭᠡ ᠶᠢᠨ ᠴᠡᠷᠢᠭ | ᠤᠨ ᠪᠠᠶᠢᠴᠠᠭᠠᠯᠲᠠ ᠶᠢᠨ ᠥᠷᠳᠡᠭᠡ ᠵᠡᠷᠭᠡ ᠶᠢᠨ ᠬᠠᠭᠤᠴᠢᠨ ᠪᠠᠭᠤᠷᠢ ᠶᠢᠨ ᠬᠤᠪᠢᠰᠬᠠᠯᠳᠤ ᠰᠤᠶᠤᠯ ᠤᠨ ᠠᠭᠤᠯᠬᠤᠨ | ᠢ ᠠᠭᠤᠳᠠᠯᠠᠨ ᠪᠤᠷᠤᠪᠠᠯᠭᠠᠰᠤ᠂ ᠶᠠᠨ ᠠᠨ ᠵᠡᠷᠭᠡ ᠬᠤᠪᠢᠰᠬᠠᠯᠳᠤ ᠰᠤᠶᠤᠯ ᠵᠤᠭᠠᠴᠠᠯ ᠤᠨ ᠲᠤᠭᠳᠠᠯᠴᠠᠭ᠎ᠠ ᠲᠠᠢ | ᠬᠤᠯᠪᠤᠨ ᠬᠤᠪᠢᠰᠬᠠᠯᠳᠤ ᠵᠤᠭᠠᠴᠠᠯ ᠤᠨ ᠤᠬᠠᠭᠤᠯᠭ᠎ᠠ ᠶᠢᠨ ᠭᠡᠯᠭᠢᠶᠠᠵᠢᠯ ᠢ ᠪᠥᠷᠢᠯᠳᠤᠭᠦᠯᠭᠦ ᠭᠡᠷᠡᠭᠳᠠᠢ᠃ ᠰᠠᠭᠤᠷᠢ | ᠲᠥᠭᠦᠭᠡᠷᠤᠮᠵᠢ ᠶᠢᠨ ᠪᠥᠳᠥᠭᠡᠨ ᠪᠠᠶᠢᠭᠤᠯᠤᠯᠳᠠ᠂ ᠲᠠᠤᠭᠡᠨ ᠲᠤᠷᠰᠬᠠᠯ ᠲᠠᠤᠭᠡᠨ ᠮᠠᠲ᠋ᠧᠷᠢᠶᠠᠯ ᠤᠨ ᠴᠤᠭᠯᠠᠭᠤᠯᠤᠯᠳᠠ | ᠵᠡᠷᠭᠡ ᠶᠢᠨ ᠠᠵᠢᠯ ᠢ ᠪᠥᠭᠦ ᠭᠥᠴᠤᠨ ᠢᠶᠠᠷ ᠰᠠᠶᠢᠨ ᠭᠢᠵᠤ ᠬᠤᠪᠢᠰᠬᠠᠯᠳᠤ ᠵᠤᠭᠠᠴᠠᠯ ᠤᠨ ᠰᠢᠯᠢᠳᠡᠭ ᠪᠥᠳᠥᠭᠡᠭᠳᠠᠭᠦᠨ | ᠢ ᠡᠭᠦᠳᠤᠨ ᠪᠥᠭᠦ ᠨᠠᠶᠢᠭᠡᠮ ᠤᠨ ᠭᠡᠪᠴᠢᠶᠠᠨ ᠳᠤ ᠬᠤᠪᠢᠰᠬᠠᠯᠳᠤ ᠤᠯᠠᠮᠵᠢᠯᠠᠯ ᠢ ᠪᠠᠳᠠᠷᠠᠭᠤᠯᠤᠨ ᠬᠤᠪᠢᠰᠬᠠᠯᠳᠤ | ᠰᠤᠶᠤᠯ ᠢ ᠭᠥᠭᠵᠢᠭᠦᠯᠭᠦ ᠰᠠᠶᠢᠨ ᠰᠠᠶᠢᠬᠠᠨ ᠠᠭᠤᠷ ᠠᠮᠢᠰᠬᠤᠯ ᠢ ᠪᠥᠷᠢᠯᠳᠤᠭᠦᠯᠵᠤ ᠪᠥᠭᠦ ᠬᠤᠰᠢᠭᠤᠨ ᠤ ᠴᠢᠨᠠᠷ | ᠰᠠᠶᠢᠳᠠᠢ ᠬᠦᠭᠵᠢᠯᠲᠡ ᠶᠢ ᠠᠭᠢᠭᠤᠯᠬᠤ ᠨᠤᠮᠢᠨ ᠲᠠᠩᠰᠤᠭ ᠭᠥᠭᠵᠢᠨ ᠮᠠᠨᠳᠤᠯᠳᠠ ᠶᠢ ᠪᠠᠶᠠᠯᠠᠭᠦᠯᠭᠦ ᠳᠤ ᠭᠥᠴᠤᠷᠭᠡᠭ | ᠶᠡᠭᠡ ᠬᠠᠮᠳᠤ ᠶᠢᠨ ᠭᠥᠴᠤᠨ ᠢ ᠨᠢᠭᠡᠳᠤᠭᠦᠯᠭᠦ ᠭᠡᠷᠡᠭᠳᠠᠢ ᠭᠡᠵᠡᠢ ᠃ | | | | | | | | | | ᠲᠠᠷᠠᠭ᠎ᠠ ᠳᠤ ᠨᠢ ᠪᠠᠰᠠ ᠰᠢᠷᠬᠤᠰᠤ ᠤᠯᠤᠰ ᠤᠨ ᠬᠠᠭᠤᠴᠢᠳ ᠢ ᠰᠤᠳᠤᠯᠬᠤ ᠴᠡᠴᠡᠷᠢᠯᠭ ᠪᠠ ᠶᠠᠨ ᠠᠨ ᠤ | ᠥᠨᠳᠤᠰᠤᠳᠠᠨ ᠤ ᠲᠡᠭᠡᠳᠤ ᠰᠤᠷᠭᠠᠭᠤᠯᠢ ᠤᠨ ᠪᠤᠷᠤᠪᠠᠯᠭᠠᠰᠤᠨ ᠤ ᠲᠤᠷᠠᠰᠬᠠᠯ ᠤᠨ ᠤᠷᠳᠤᠨ ᠢᠶᠠᠷ ᠭᠥᠷᠴᠤ ᠠᠬᠤᠢ | ᠲᠠᠯᠠᠪᠠᠢ ᠳᠤ ᠰᠤᠳᠤᠯᠤᠨ ᠰᠤᠷᠤᠯᠴᠠᠪᠠ᠃ |