ᠤᠶᠢᠷ᠎ᠠ ᠶᠢᠨ ᠡᠳᠦᠷ᠂ ᠨᠠᠨᠵᠢᠩ ᠤᠨ ᠵᠢᠶᠠᠩ ᠪᠸᠢ ᠰᠢᠨ᠎ᠡ ᠮᠠᠲ᠋ᠧᠷᠢᠶᠠᠯ ᠤᠨ ᠰᠢᠨᠵᠢᠯᠡᠭᠡ ᠮᠡᠷᠭᠡᠵᠢᠯ ᠤᠨ | ᠭᠥᠷᠢᠶᠠᠯᠠᠩ ᠤᠨ ᠪᠦᠯᠬᠦᠮ ᠤᠨ ᠬᠢᠨ ᠮᠠᠨ ᠤ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠯᠳᠠ ᠭᠢᠭᠦ ᠶᠢᠨ | ᠬᠠᠮᠲᠤ ᠰᠠᠭᠤᠳᠠᠯ ᠤᠨ ᠬᠤᠷᠠᠯ ᠬᠤᠷᠠᠯᠳᠤᠭᠤᠯᠪᠠ᠃ ᠨᠠᠨᠵᠢᠩ ᠤᠨ ᠵᠢᠶᠠᠩ ᠪᠸᠢ ᠰᠢᠨ᠎ᠡ ᠮᠠᠲ᠋ᠧᠷᠢᠶᠠᠯ ᠤᠨ ᠰᠢᠨᠵᠢᠯᠡᠭᠡ | ᠮᠡᠷᠭᠡᠵᠢᠯ ᠤᠨ ᠬᠦᠷᠢᠶᠡᠯᠡᠩ ᠤᠨ ᠳᠡᠳ᠋ ᠡᠷᠬᠢᠯᠡᠭᠴᠢ ᠵᠠᠩ ᠱᠦᠸᠧ ᠮᠢᠩ ᠪᠣᠯᠤᠨ ᠰᠠᠢ ᠯᠠ ᠨᠢ ᠰᠾᠢ ︵ᠳᠤᠮᠳᠠᠳᠤ | ᠤᠯᠤᠰ︶ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠨᠠᠨᠵᠢᠩ ᠤᠨ ᠪᠠᠶ ᠶᠦᠨ ᠣᠷᠴᠢᠨ ᠲᠣᠭᠤᠷᠢᠨ ᠤ | ᠰᠢᠨᠵᠢᠯᠡᠭᠡ ᠮᠡᠷᠭᠡᠵᠢᠯ ᠤᠨ ᠪᠦᠯᠦᠭᠯᠡᠯ ᠤᠨ ᠬᠤᠪᠢ ᠤᠷᠤᠭᠤᠯᠤᠯᠲᠠ ᠶᠢᠨ ᠬᠢᠵᠠᠭᠠᠷᠲᠤ ᠺᠣᠮᠫᠠᠨᠢ᠂ ᠧᠦ ᠳ᠋ᠧ | ᠴᠢᠯᠠᠭᠤᠨ ᠲᠣᠰᠣ ᠨᠥᠭᠡᠴᠡᠯᠡᠬᠦ ︵ᠲᠤᠮᠳᠠᠲᠤ ᠤᠯᠤᠰ︶ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ | ᠬᠠᠷᠢᠭᠤᠴᠠᠯᠭᠠᠲᠠᠨ ᠵᠢᠴᠢ ᠰᠢᠨᠵᠢᠯᠡᠭᠡ ᠮᠡᠷᠭᠡᠵᠢᠯ ᠤᠨ ᠭᠥᠷᠢᠶᠠᠯᠠᠩ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠳ ᠪᠠ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ᠂ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠤᠤ ᠹᠧᠶ ᠯᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠬᠤᠰᠢᠭᠤ ᠳᠡᠳ᠋ ᠳᠠᠷᠤᠭ᠎ᠠ ᠯᠢ ᠵᠦᠩ ᠯᠢᠨ ᠵᠢᠴᠢ ᠰᠣᠪᠣᠷᠭ᠎ᠠ ᠠᠵᠤ ᠠᠬᠤᠢ ᠶᠢᠨ ᠨᠡᠭᠡᠭᠡᠯᠲᠡ ᠶᠢᠨ ᠣᠷᠣᠨ | ᠂ ᠨᠠᠷᠢᠠᠭᠤᠣᠯ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠰᠠᠭᠤᠳᠠᠯ ᠤᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠸᠢᠳᠢᠣ᠋ ᠣᠬᠤᠷ ᠹᠢᠯᠢᠮ ᠤᠨ ᠬᠡᠯᠪᠡᠷᠢ ᠪᠠᠷ ᠲᠣᠰ ᠲᠣᠰ ᠤᠨ | ᠬᠥᠭᠵᠢᠯᠲᠡ ᠶᠢᠨ ᠲᠦᠢᠮᠣ ᠪᠠᠶᠢᠳᠠᠯ ᠢᠶᠠᠨ ᠲᠠᠨᠢᠯᠴᠠᠭᠤᠯᠵᠤ ᠤᠶᠢᠯᠠᠭᠠᠯᠲᠠ ᠪᠠᠨ ᠤᠯᠠᠮ ᠨᠢᠭᠡ ᠠᠯᠬᠤᠮ | ᠭᠦᠨᠵᠡᠭᠡᠶᠢᠷᠡᠭᠦᠯᠪᠡ᠃ ᠨᠠᠨᠵᠢᠩ ᠤᠨ ᠵᠢᠶᠠᠩ ᠪᠸᠢ ᠰᠢᠨ᠎ᠡ ᠮᠠᠲ᠋ᠧᠷᠢᠶᠠᠯ ᠤᠨ ᠰᠢᠨᠵᠢᠯᠡᠭᠡ ᠮᠡᠷᠭᠡᠵᠢᠯ ᠤᠨ ᠭᠥᠷᠢᠶᠠᠯᠠᠩ | ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠣᠰ ᠲᠣᠰ ᠬᠦᠷᠢᠶᠡᠯᠡᠩ ᠲᠣᠭᠤᠷᠢᠭ ᠤᠨ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠪᠠ ᠰᠢᠨ᠎ᠡ ᠮᠠᠲ᠋ᠧᠷᠢᠶᠠᠯ᠂ ᠨᠠᠷᠢᠯᠢᠭ ᠬᠢᠮᠢ ᠶᠢᠨ ᠠᠵᠤ ᠦᠢᠯᠡᠳᠪᠤᠷᠢ ᠵᠢᠴᠢ ᠪᠠᠷᠠᠭᠠᠨ | ᠬᠦᠢᠯᠬᠡᠬᠡᠨ ᠤ ᠠᠵᠤ ᠦᠢᠯᠡᠰ ᠤᠨ ᠬᠥᠭᠵᠢᠯᠲᠡ ᠵᠡᠷᠭᠡ ᠶᠢᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠬᠤ ᠶᠢᠨ | ᠬᠠᠮᠲᠤ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠬᠤᠷᠰᠢᠨ ᠠᠵᠢᠯᠯᠠᠬᠤ | ᠲᠤᠭᠳᠠᠯᠴᠠᠭ᠎ᠠ ᠪᠠᠶᠢᠭᠤᠯᠤᠨ ᠣᠯᠠᠨ ᠲᠡᠰ ᠳᠠᠪᠬᠤᠷᠭ᠎ᠠ ᠶᠢᠨ ᠰᠢᠨᠵᠢᠯᠡᠨ ᠪᠠᠶᠢᠴᠠᠭᠠᠯᠲᠠ ᠶᠢᠨ ᠠᠵᠢᠯᠯᠠᠭ᠎ᠠ | ᠥᠷᠨᠢᠭᠦᠯᠬᠦ ᠶᠢ ᠬᠦᠰᠡᠪᠡ᠃ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠᠰᠠ ᠠᠵᠤ ᠠᠬᠤᠶᠢᠯᠠᠯ ᠤᠨ ᠲᠦᠢᠮᠣ | ᠪᠠᠶᠢᠳᠠᠯ᠂ ᠪᠡᠯᠡ ᠣᠷᠣᠭᠤᠯᠤᠯᠲᠠ ᠶᠢᠨ ᠠᠷᠭ᠎ᠠ ᠪᠣᠳᠣᠯᠭ᠎ᠠ ᠵᠡᠷᠭᠡ ᠣᠯᠠᠨ ᠲᠠᠯ᠎ᠠ ᠶᠢᠨ ᠠᠭᠤᠯᠭ᠎ᠠ ᠶᠢ ᠨᠠᠷᠢᠨ | ᠲᠠᠨᠢᠯᠴᠠᠭᠤᠯᠪᠠ᠃ | ᠡᠷᠳᠡᠨᠢᠪᠢᠯᠢᠭ᠂ ᠵᠤᠤ ᠹᠧᠶ ᠯᠦ ᠨᠠᠨᠵᠢᠩ ᠤᠨ ᠵᠢᠶᠠᠩ ᠪᠸᠢ ᠰᠢᠨ᠎ᠡ ᠮᠠᠲ᠋ᠧᠷᠢᠶᠠᠯ ᠤᠨ ᠰᠢᠨᠵᠢᠯᠡᠭᠡ | ᠮᠡᠷᠭᠡᠵᠢᠯ ᠤᠨ ᠭᠥᠷᠢᠶᠠᠯᠠᠩ ᠤᠨ ᠪᠦᠯᠬᠦᠮ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ ᠦᠥᠰᠢᠨ ᠬᠤᠰᠢᠭᠤ | ᠬᠡᠷᠬᠢᠨ ᠪᠡᠯᠡ ᠮᠥᠩᠭᠦ ᠴᠤᠭᠯᠠᠭᠤᠯᠬᠤ᠂ ᠠᠵᠤ ᠦᠢᠯᠡᠰ ᠤᠨ ᠬᠡᠯᠬᠢᠶ᠎ᠡ ᠶᠢ ᠬᠡᠷᠬᠢᠨ ᠤᠷᠳᠤᠳᠬᠠᠬᠤ ᠵᠡᠷᠭᠡ ᠲᠠᠯ᠎ᠠ ᠳᠤ | ᠴᠢᠭᠯᠡᠭᠦᠯᠦᠨ ᠰᠠᠨᠠᠯ ᠰᠠᠨᠠᠭᠤᠯᠭ᠎ᠠ ᠳᠤᠷᠠᠳᠤᠭᠰᠠᠨ ᠳᠤ ᠪᠠᠶᠠᠷᠯᠠᠵᠤ ᠪᠠᠶᠢᠬᠤ ᠪᠠᠨ ᠢᠯᠡᠳᠬᠡᠪᠡ᠃ ᠮᠥᠨᠴᠤ ᠬᠤᠶᠠᠷ | ᠭᠠᠵᠠᠷ ᠤᠨ ᠬᠦᠷᠢᠶᠡᠯᠡᠩ ᠲᠣᠭᠤᠷᠢᠭ ᠬᠤᠭᠤᠷᠣᠨᠳᠣ ᠪᠠᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠲᠤᠭᠳᠠᠯᠴᠠᠭ᠎ᠠ ᠶᠢ ᠪᠠᠶᠢᠭᠤᠯᠵᠤ ᠬᠥᠭᠵᠢᠯᠲᠡ ᠶᠢᠨ | ᠣᠶᠢᠯᠠᠭᠠᠭᠳᠠᠬᠤᠨ᠂ ᠠᠵᠤ ᠦᠢᠯᠡᠰ ᠤᠨ ᠪᠠᠶᠢᠷᠢᠰᠢᠭᠤᠯᠤᠯᠳᠠ᠂ ᠴᠢᠳᠠᠪᠤᠷᠢᠲᠠᠨ ᠤ ᠰᠣᠯᠢᠯᠴᠠᠭ᠎ᠠ᠂ ᠳᠦᠷᠢᠮ | ᠲᠣᠭᠳᠠᠭᠠᠯ ᠤᠨ ᠪᠠᠶᠢᠭᠤᠯᠤᠯᠳᠠ᠂ ᠠᠵᠤ ᠦᠢᠯᠡᠰ ᠤᠨ ᠲᠠᠨᠢᠯᠴᠠᠭᠤᠯᠭ᠎ᠠ᠂ ᠲᠥᠷᠥᠯ ᠵᠦᠢᠯ ᠤᠨ ᠤᠷᠤᠭᠤᠯᠤᠯᠳᠠ | ᠵᠡᠷᠭᠡ ᠣᠯᠠᠨ ᠲᠠᠯ᠎ᠠ ᠪᠠᠷ ᠰᠣᠯᠢᠯᠴᠠᠭ᠎ᠠ ᠬᠢᠬᠦ ᠶᠢ ᠭᠥᠰᠡᠭᠦ ᠶᠢᠨ ᠬᠠᠮᠳᠤ ᠡᠯ᠎ᠡ ᠠᠵᠤ ᠠᠬᠤᠶᠢᠯᠠᠯ ᠤᠨ ᠬᠢᠨ ᠦᠥᠰᠢᠨ | ᠬᠤᠰᠢᠭᠤᠨ ᠤ ᠬᠥᠭᠵᠢᠯᠲᠡ ᠶᠢ ᠭᠦᠨᠵᠡᠭᠡᠶ ᠣᠶᠢᠯᠠᠭᠠᠬᠤ ᠶᠢᠨ ᠬᠠᠮᠲᠤ ᠴᠢᠨᠠᠷ ᠰᠠᠶᠢᠲᠠᠶ ᠲᠥᠷᠥᠯ ᠵᠦᠢᠯ ᠢ ᠦᠥᠰᠢᠨ | ᠬᠤᠰᠢᠭᠤᠨ ᠳᠤ ᠠᠪᠴᠢᠷᠠᠵᠤ ᠦᠥᠰᠢᠨ ᠬᠤᠰᠢᠭᠤᠨ ᠤ ᠠᠵᠤ ᠦᠢᠯᠡᠰ ᠤᠨ ᠬᠦᠭᠵᠢᠯᠲᠡ ᠶᠢᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠶᠢ ᠭᠥᠰᠠᠵᠤ ᠪᠠᠶᠢᠨ᠎ᠠ᠃ ᠥᠤᠰᠢᠨ ᠬᠤᠰᠢᠭᠤ ᠠᠵᠤ | ᠠᠬᠤᠶᠢᠯᠠᠯ ᠳᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ ᠪᠡᠯᠡ ᠣᠷᠣᠭᠤᠯᠵᠤ | ᠬᠤᠳᠠᠯᠳᠤᠭ᠎ᠠ ᠡᠵᠡᠩᠨᠡᠬᠦ ᠰᠢᠯᠢᠳᠡᠭ ᠰᠠᠶᠢᠨ ᠣᠷᠴᠢᠨ ᠨᠦᠬᠦᠴᠡᠯ ᠢ ᠪᠥᠷᠢᠯᠳᠤᠭᠦᠯᠤᠨᠠ ᠭᠡᠵᠡᠢ᠃ | ᠬᠤᠷᠠᠯ ᠠᠴᠠ ᠡᠮᠦᠨ᠎ᠡ᠂ ᠰᠢᠨᠵᠢᠯᠡᠨ ᠪᠠᠶᠢᠴᠠᠭᠠᠯᠳᠠ ᠶᠢᠨ ᠪᠦᠯᠬᠦᠮ ᠤᠨ ᠬᠢᠨ ᠤᠷᠢᠳ ᠬᠤᠵᠢᠳ ᠡᠯ᠎ᠡ ᠠᠵᠤ | ᠠᠬᠤᠢ ᠶᠢᠨ ᠨᠡᠭᠡᠭᠡᠯᠲᠡ ᠶᠢᠨ ᠲᠤᠭᠤᠷᠢᠭ ︵ᠬᠦᠷᠢᠶᠡᠯᠡᠩ ᠲᠣᠭᠤᠷᠢᠭ︶ ᠲᠤ ᠬᠦᠷᠴᠦ᠂ ᠵᠦᠩ ᠲᠢᠶᠠᠨ ᠡᡁᠧ | ᠴᠤᠸᠠᠩ ᠺᠤᠮᠫᠠᠨᠢ ᠶᠢᠨ ᠨᠡᠭᠦᠷᠡᠰᠦ ᠶᠢ ᠨᠠᠷᠢᠯᠢᠭ ᠪᠤᠯᠪᠠᠰᠣᠷᠠᠭᠤᠯᠬᠤ ᠵᠢᠱᠢᠶ᠎ᠡ ᠦᠵᠡᠭᠦᠯᠬᠦ ᠲᠥᠷᠥᠯ ᠵᠦᠢᠯ᠂ ᠵᠦᠩ | ᠮᠧᠢ ᠣᠷᠳᠣᠰ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ 100 ᠲᠦᠮᠡᠨ ᠲᠣᠨ ᠤ ᠨᠠᠶᠢᠯᠡᠯᠭᠡ ᠰᠢᠪᠳᠤᠷ 175 | ᠲᠦᠮᠡᠨ ᠲᠣᠨ ᠤ ᠰᠢᠭᠡᠰᠦᠯᠢᠭ ᠡᠳ᠋ ᠤᠨ ᠲᠥᠷᠥᠯ ᠵᠥᠢᠯ᠂ ᠮᠧᠩ ᠳ᠋ᠠ ᠺᠤᠮᠫᠠᠨᠢ ᠶᠢᠨ ᠠᠭᠤᠷᠬᠠᠢ ᠶᠢᠨ ᠦᠢᠯᠡᠰ ᠤᠨ | ᠨᠠᠷᠢᠠᠭᠤᠣᠯ ᠬᠤᠶᠠᠳᠤᠭᠠᠷ ᠨᠣᠮᠧᠷᠲᠤ ᠠᠭᠤᠷᠬᠠᠢ᠂ ᠵᠦᠩ ᠮᠧᠶ ᠪᠦᠯᠦᠭᠯᠡᠯ ᠤᠨ ᠮᠧᠩ ᠳ᠋ᠠ ᠺᠤᠮᠫᠠᠨᠢ ᠶᠢᠨ 50 | ᠲᠦᠮᠡᠨ ᠲᠣᠨ ᠤ ᠪᠠᠷᠢᠯᠭ᠎ᠠ ᠶᠢᠨ ᠰᠦᠯᠢᠶᠣᠣ ᠶᠢᠨ ᠲᠥᠷᠥᠯ ᠵᠦᠢᠯ ᠳᠤ ᠰᠢᠨᠵᠢᠯᠡᠨ ᠪᠠᠢᠴᠠᠭᠠᠯᠲᠠ ᠭᠢᠵᠤ | ᠦᠢᠯᠡᠳᠪᠤᠷᠢᠯᠡᠯ ᠤᠨ ᠥᠪᠡᠷ ᠤᠨ ᠥᠷᠲᠡᠭ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠵᠠᠮ | ᠬᠠᠷᠢᠯᠴᠠᠭ᠎ᠠ ᠲᠡᠭᠡᠭᠡᠪᠦᠷᠢ ᠵᠡᠷᠭᠡ ᠠᠰᠠᠭᠤᠳᠠᠯ ᠤᠨ ᠲᠤᠬᠠᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠨ | ᠰᠠᠨᠠᠯ ᠢᠶᠠᠨ ᠰᠣᠯᠢᠯᠴᠠᠵᠤ ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ᠂ ᠵᠠᠮ | ᠬᠠᠷᠢᠯᠴᠠᠭ᠎ᠠ ᠲᠡᠭᠡᠭᠡᠪᠦᠷᠢ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠵᠡᠷᠭᠡ ᠲᠠᠯ᠎ᠠ ᠳᠤ ᠭᠦᠢᠴᠡᠳ | ᠨᠤᠳᠠᠯᠠᠯᠳᠠ ᠦᠭᠪᠡ᠃ |