ᠠᠩᠬᠠᠳᠤᠭᠠᠷ ᠬᠤᠭᠤᠴᠠᠭᠠᠨ ᠤ ︽ᠤᠷᠠᠨ ᠲᠠᠩᠨᠠᠢ︾ ᠬᠤᠨᠳᠠᠭᠠᠲᠤ ᠤᠷᠳᠤᠰ ᠠᠷᠠᠳ ᠤᠨ ᠲᠠᠭᠤᠤ ᠪᠤᠳᠤᠩ ᠤᠨ ᠠᠷᠠᠳ ᠤᠨ ᠲᠠᠭᠤᠤ ᠶᠢᠨ ᠤᠷᠤᠯᠳᠤᠭᠠᠨ ᠦᠥᠰᠢᠨ ᠬᠤᠰᠢᠭᠤᠨ ᠳᠤ ᠶᠠᠪᠤᠭᠳᠠᠯ᠎ᠠ
ᠨᠡᠶᠢᠲᠡᠯᠡᠭᠰᠡᠨ ᠴᠠᠭ᠄
2019-07-19
     ᠤᠶᠢᠷ᠎ᠠ ᠶᠢᠨ ᠡᠳᠦᠷ᠂ ᠤᠷᠳᠤᠰ ︽ᠡᠵᠡᠨ︾ ᠰᠤᠶᠤᠯ ᠵᠠᠭᠤᠴᠢᠯᠠᠭᠤᠷ ᠤᠨ ᠬᠢᠵᠠᠭᠠᠷᠲᠤ ᠺᠤᠮᠫᠠᠨᠢ᠂ ︽ᠤᠷᠠᠨ ᠲᠠᠩᠨᠠᠢ︾ ᠠᠷᠠᠳ ᠤᠨ ᠤᠷᠠᠯᠢᠭᠴᠢᠳ ᠤᠨ ᠡᠪᠯᠡᠯ ᠠᠴᠠ ᠭᠤᠤᠯᠯᠠᠨ ᠡᠷᠬᠢᠯᠡᠵᠦ ᠤᠷᠳᠤᠰ ᠬᠤᠲᠠ ᠶᠢᠨ ᠷᠠᠳᠢᠤ᠋ ᠲᠧᠯᠸᠢᠰ ᠬᠤᠷᠢᠶ᠎ᠠ᠂ ᠦᠥᠰᠢᠨ ᠬᠤᠰᠢᠭᠤᠨ ᠤ ᠰᠤᠶᠤᠯ ᠤᠨ ᠤᠷᠳᠤᠨ ᠠᠴᠠ ᠲᠠᠭᠠᠭᠠᠴᠢᠯᠠᠨ ᠡᠷᠬᠢᠯᠡᠭᠰᠡᠨ ᠠᠩᠬᠠᠳᠤᠭᠠᠷ ᠬᠤᠭᠤᠴᠠᠭᠠᠨ ᠤ ︽ᠤᠷᠠᠨ ᠲᠠᠩᠨᠠᠢ︾ ᠬᠤᠨᠳᠠᠭᠠᠲᠤ ᠤᠷᠳᠤᠰ ᠠᠷᠠᠳ ᠤᠨ ᠲᠠᠭᠤᠤ᠂ ᠪᠤᠳᠤᠩ ᠤᠨ ᠠᠷᠠᠳ ᠤᠨ ᠲᠠᠭᠤᠤ ᠶᠢᠨ ᠤᠷᠤᠯᠳᠤᠭᠠᠨ ᠮᠠᠨ ᠤ ᠬᠤᠰᠢᠭᠤᠨ ᠳᠤ ᠶᠠᠪᠤᠭᠳᠠᠵᠤ ᠤᠶᠠᠩᠭᠠᠲᠤ ᠢᠵᠠᠭᠤᠷ ᠠᠷᠠᠳ ᠤᠨ ᠲᠠᠭᠤᠤ ᠪᠠᠷ ᠢᠶᠠᠨ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠳᠤ ᠪᠡᠯᠡᠭ ᠪᠠᠷᠢᠯ᠎ᠠ᠃ ᠲᠤᠰ ᠤᠳᠠᠭᠠᠨ ᠤ ᠤᠷᠤᠯᠳᠤᠭᠠᠨ ᠨᠢ ᠪᠦᠬᠦ ᠤᠷᠤᠨ ᠤ ᠭᠡᠪᠴᠢᠶ᠎ᠡ ᠲᠠᠢ ᠶᠠᠪᠤᠭᠳᠠᠵᠤ ᠠᠯᠠᠱᠠ ᠠᠶᠢᠮᠠᠭ᠂ ᠪᠠᠶᠠᠠᠨᠠᠭᠤᠷ ᠠᠶᠢᠮᠠᠭ᠂ ᠡᠵᠡᠨ ᠬᠤᠷᠤᠭ᠎ᠠ ᠬᠤᠰᠢᠭᠤ᠂ ᠬᠠᠩᠬᠢᠨ ᠬᠤᠰᠢᠭᠤ᠂ ᠤᠲᠤᠭ ᠬᠤᠰᠢᠭᠤ᠂  ᠤᠲᠤᠭ ᠤᠨ ᠡᠮᠦᠨᠡᠲᠦ ᠬᠤᠰᠢᠭᠤ᠂ ᠦᠤᠰᠢᠨ ᠬᠤᠰᠢᠭᠤ ᠵᠡᠷᠭᠡ ᠡᠯ᠎ᠡ ᠭᠠᠵᠠᠷ ᠠᠴᠠ ᠢᠷᠡᠭᠰᠠᠨ ᠮᠠᠯᠴᠢᠨ ᠲᠠᠭᠤᠴᠢᠨ᠂ ᠤᠷᠠᠯᠢᠭ ᠲᠤ ᠪᠠᠭ᠋ᠠᠲᠠᠢ 100 ᠭᠠᠷᠤᠢ ᠲᠠᠭᠤᠴᠢᠨ ᠤᠷᠤᠯᠴᠠᠨ ᠰᠢᠭᠰᠢᠨ ᠰᠢᠯᠭᠠᠷᠠᠭᠤᠯᠤᠯᠳᠠ ᠪᠠᠷ ᠲᠠᠮᠵᠢᠵᠤ 45 ᠲᠠᠭᠤᠴᠢᠨ ᠰᠢᠢᠳᠪᠦᠷᠢᠲᠤ ᠤᠷᠤᠯᠳᠤᠭᠠᠨ ᠳᠤ ᠤᠷᠤᠯᠴᠠᠭᠰᠠᠨ ᠪᠠᠶᠢᠨ᠎ᠠ᠃
     ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤᠨ ᠤ ᠤᠷᠤᠯᠴᠠᠭᠴᠢ ᠰᠤᠶᠤᠯᠴᠡᠴᠡᠭ᠄ ︽ᠪᠢ ᠬᠡᠳᠦᠶᠢᠪᠡᠷ ᠮᠠᠯᠴᠢᠨ ᠪᠤᠯᠪᠠᠴᠤ ᠪᠠᠭ᠎ᠠ ᠠᠴᠠ ᠪᠠᠨ ᠲᠠᠭᠤᠤ ᠤᠷᠠᠯᠢᠭ ᠲᠤ ᠪᠠᠭ᠋ᠠᠲᠠᠢ᠂ ᠤᠷᠳᠤᠰ ᠲᠠᠭᠤᠤ ᠶᠢ ᠰᠤᠨᠤᠰᠬᠤ ᠤᠨᠴᠠᠭᠠᠢ ᠲᠤᠷᠠᠲᠠᠢ᠂ ᠡᠨᠡ ᠤᠳᠠᠭ᠎ᠠ ︿ᠡᠵᠡᠨ ᠪᠤᠭᠳᠠ ᠶᠢᠨ ᠬᠤᠶᠠᠷ ᠵᠠᠭᠠᠯ﹀ ᠭᠡᠰᠡᠨ ᠲᠠᠭᠤᠤ ᠪᠠᠷ ᠤᠷᠤᠯᠳᠤᠭᠠᠨ  ᠳᠤ ᠤᠷᠤᠯᠴᠠᠭᠠᠳ ᠰᠠᠨᠠᠭᠠᠨ ᠠᠴᠠ ᠭᠠᠳᠠᠭᠤᠷ ᠦᠨᠳᠦᠷ ᠠᠮᠵᠢᠯᠲᠠ ᠳᠤ ᠬᠦᠷᠦᠭᠡᠳ ᠮᠠᠰᠢ ᠪᠠᠶᠠᠷᠯᠠᠵᠤ ᠪᠠᠶᠢᠨ᠎ᠠ᠃ ᠲᠠᠷᠠᠭ᠎ᠠ ᠪᠠᠷ ᠤᠷᠤᠯᠳᠤᠭᠠᠨ ᠳᠤ ᠦᠷᠭᠦᠯᠵᠢᠯᠡᠨ ᠤᠷᠤᠯᠴᠠᠬᠤ ᠪᠠᠷ ᠪᠤᠳᠤᠯᠬᠢᠯᠠᠵᠤ   ᠢᠵᠠᠭᠤᠷ ᠤᠷᠠᠯᠢᠭ ᠪᠤᠯᠤᠭᠰᠠᠨ ᠤᠷᠳᠤᠰ ᠠᠷᠠᠳ ᠤᠨ ᠲᠠᠭᠤᠤ ᠶᠢ ᠨᠡᠩ ᠠᠷᠪᠢᠨ ᠰᠤᠷᠤᠶ᠎ᠠ ᠭᠡᠵᠦ ᠪᠤᠳᠤᠵᠤ ᠪᠠᠶᠢᠨ᠎ᠠ︾ ᠭᠡᠵᠤ ᠶᠠᠷᠢᠵᠤ ᠪᠠᠶᠢᠯ᠎ᠠ᠃      ᠰᠦᠯᠳᠡ ᠰᠤᠮᠤᠨ ᠤ ᠮᠠᠯᠴᠢᠨ ᠴᠠᠭᠠᠨᠳᠦ᠋ᠩ ᠲᠤᠰ ᠤᠳᠠᠭᠠᠨ ᠤ ᠤᠷᠤᠯᠳᠤᠭᠠᠨ ᠳᠤ ᠢᠲᠡᠭᠡᠯ ᠲᠦᠭᠦᠷᠡᠩ ᠤᠷᠤᠯᠴᠠᠨ ︽ᠪᠠᠶᠠᠷᠮᠠᠩᠨᠠᠢ ᠰᠢᠯᠢ︾ ᠬᠡᠭᠦ ᠲᠠᠭᠤᠤ ᠪᠠᠷ ᠰᠢᠯᠢᠳᠡᠭ ᠳᠡᠰ ᠲᠤ ᠲᠤᠲᠤᠷᠠᠯ᠎ᠠ᠃ ᠮᠠᠯᠴᠢᠨ ᠴᠠᠭᠠᠨᠳᠦ᠋ᠩ᠄ ︽ᠮᠠᠨ ᠤ ᠤᠷᠳᠤᠰ ᠠᠷᠠᠳ ᠤᠨ ᠲᠠᠭᠤᠤ ᠶᠢ ᠤᠯᠠᠮᠵᠢᠯᠠᠵᠤ ᠨᠡᠩ ᠢᠯᠠᠩᠭᠤᠶ᠎ᠠ ᠲᠠᠷᠤᠭᠳᠠᠵᠤ ᠨᠢᠭᠤᠭᠳᠠᠵᠤ ᠪᠠᠶᠢᠬᠤ ᠤᠷᠳᠤᠰ ᠠᠷᠠᠳ ᠤᠨ ᠤᠷᠲᠤ ᠶᠢᠨ ᠲᠠᠭᠤᠤ᠂ ᠪᠤᠭᠤᠨᠢ ᠲᠠᠭᠤᠤ ᠶᠢ ᠮᠠᠯᠲᠠᠨ ᠭᠠᠷᠭᠠᠬᠤ ᠡᠶᠢᠮᠦ ᠨᠢᠭᠡ ᠰᠠᠶᠢᠬᠠᠨ ᠵᠤᠯ ᠵᠠᠪᠰᠢᠶᠠᠨ ᠤᠯᠳᠠᠭᠰᠠᠨ ᠳᠤ ᠪᠢ ᠲᠤᠩ ᠪᠠᠶᠠᠷᠯᠠᠵᠤ ᠪᠠᠶᠢᠨ᠎ᠠ︾ ᠭᠡᠪᠡ᠃
     ᠤᠷᠤᠯᠳᠤᠭᠠᠨ ᠳᠤ ᠡᠯ᠎ᠡ ᠠᠶᠢᠮᠠᠭ ᠬᠤᠲᠠ᠂ ᠬᠤᠰᠢᠭᠤ ᠲᠤᠭᠤᠷᠢᠭ ᠠᠴᠠ ᠬᠦᠷᠦᠯᠴᠡᠨ ᠢᠷᠡᠭᠰᠡᠨ ᠲᠠᠭᠤᠴᠢᠳ ᠪᠤᠳᠤᠩ ᠤᠨ ᠠᠷᠠᠳ ᠤᠨ ᠲᠠᠭᠤᠤ ᠶᠢᠨ ᠲᠤᠭᠤᠷᠢᠨ ᠳᠤ ᠦᠪᠡᠷ ᠦᠪᠡᠷ ᠤᠨ ᠬᠡᠪ ᠨᠠᠮᠪᠠ ᠪᠠᠷ ᠢᠶᠠᠨ ᠲᠠᠭᠤᠯᠠᠵᠤ ᠬᠤᠷᠠᠭᠰᠠᠨ ᠤᠯᠠᠨ ᠤ ᠬᠠᠷᠠᠭ᠎ᠠ ᠰᠤᠨᠤᠷ ᠢ ᠪᠠᠶᠠᠰᠬᠠᠵᠤ ᠪᠠᠶᠢᠯ᠎ᠠ᠃ ᠪᠤᠲᠤᠩ ᠪᠤᠯ ᠴᠠᠭᠠᠨ ᠬᠡᠷᠡᠮ ᠤᠨ ᠤᠮᠠᠷᠠᠳᠤ ᠭᠡᠰᠡᠭ ᠲᠤ ᠪᠠᠶᠢᠷᠢᠰᠢᠵᠤ ᠪᠠᠶᠢᠭ᠎ᠠ ᠭᠠᠵᠠᠷ ᠪᠤᠯᠤᠨ᠎ᠠ᠃ ᠲᠤᠬᠠᠢ ᠶᠢᠨ ᠦᠶ᠎ᠡ ᠳᠤ ᠲᠤᠰ ᠭᠠᠵᠠᠷ ᠲᠤ ᠬᠤᠶᠠᠷ ᠤᠨᠳᠤᠷᠤᠮᠠᠯ ᠪᠤᠯᠠᠭ ᠪᠠᠶᠢᠭᠰᠠᠨ ᠪᠦᠭᠡᠳ ᠠᠮᠢᠲᠠᠨ ᠭᠦᠷᠦᠭᠡᠰᠦ ᠮᠠᠰᠢ ᠠᠷᠪᠢᠨ ᠪᠠᠶᠢᠵᠤ ᠡᠨᠡᠬᠦ ᠪᠤᠯᠠᠭ ᠤᠨ ᠤᠰᠤ ᠪᠠᠷ ᠤᠮᠳᠠ ᠪᠠᠨ ᠪᠤᠯᠭᠠᠳᠠᠭ ᠠᠴᠠ ᠡᠨᠡ ᠭᠠᠵᠠᠷ ᠢ ᠪᠤᠲᠤᠩ ᠭᠡᠵᠤ ᠨᠠᠷᠠᠯᠠᠵᠤ ᠪᠠᠶᠢᠵᠠᠢ᠃ ᠤᠤᠯ ᠨᠢ ᠲᠤᠰ ᠭᠠᠵᠠᠷ ᠦᠥᠰᠢᠨ ᠳᠤ ᠬᠠᠷᠢᠶᠠᠯᠠᠭᠳᠠᠵᠤ ᠪᠠᠶᠢᠭᠰᠠᠨ ᠢᠶᠠᠨ ᠰᠠᠭᠦᠯᠠᠷ ᠨᠢ ᠲᠡᠥᠬᠡ ᠶᠢᠨ ᠨᠦᠬᠦᠴᠡᠯ ᠰᠢᠯᠲᠠᠭᠠᠨ ᠠᠴᠠ ᠤᠳᠤ ᠲᠡᠮᠡᠭᠡᠲᠤ ᠬᠤᠲᠠ ᠳᠤ ᠬᠠᠷᠢᠶᠠᠯᠠᠭᠳᠠᠬᠤ ᠪᠤᠯᠤᠭᠰᠠᠨ ᠪᠠᠶᠢᠨ᠎ᠠ᠃        ᠦᠪᠦᠷ ᠮᠤᠩᠭᠤᠯ ᠤᠨ ᠦᠨᠳᠦᠰᠦᠲᠡᠨ ᠤ ᠤᠷᠠᠯᠢᠭ ᠤᠨ ᠬᠦᠷᠢᠶᠡᠯᠡᠩ ᠤᠨ ᠵᠢᠭᠠᠨ ᠵᠢᠯᠤᠭᠤᠳᠤᠭᠴᠢ᠂   ︽ᠤᠷᠠᠨ ᠲᠠᠩᠨᠠᠢ︾ ᠠᠷᠠᠳ ᠤᠨ ᠤᠷᠠᠯᠢᠭᠴᠢᠳ ᠤᠨ ᠡᠪᠯᠡᠯ ᠢ ᠡᠭᠦᠰᠭᠡᠨ ᠪᠠᠶᠢᠭᠤᠯᠣᠭᠴᠢ ᠪᠦᠷᠢᠨᠳᠡᠯᠭᠡᠷ᠄ ︽ᠡᠨᠡᠬᠦ ᠠᠵᠢᠯᠯᠠᠭ᠎ᠠ ᠶᠢ ᠦᠷᠨᠢᠭᠦᠯᠵᠦ ᠬᠢᠳᠡᠭ ᠵᠤᠷᠢᠯᠭ᠎ᠠ ᠪᠤᠯ ᠮᠠᠨ ᠤ ᠤᠷᠳᠤᠰ ᠠᠷᠠᠳ ᠤᠨ ᠲᠠᠭᠤᠨ ᠳᠤ ᠤᠷᠲᠤ ᠶᠢᠨ ᠲᠠᠭᠤᠤ᠂ ᠪᠤᠭᠤᠨᠢ ᠲᠠᠭᠤᠤ᠂ ᠨᠤᠲᠤᠭ ᠤᠰᠤ ᠶᠢᠨ ᠲᠠᠭᠤᠤ᠂ ᠠᠪᠤ ᠡᠵᠢ ᠶᠢᠨ ᠲᠠᠭᠤᠤ ᠵᠡᠷᠭᠡ ᠤᠯᠠᠨ ᠬᠡᠯᠪᠡᠷᠢ ᠶᠢᠨ ᠲᠠᠭᠤᠤ ᠪᠠᠶᠢᠳᠠᠭ᠂ ᠡᠳᠡᠭᠡᠷ ᠲᠠᠭᠤᠤ ᠪᠠᠨ ᠪᠢᠳᠠ ᠦᠪᠯᠡᠨ ᠤᠯᠠᠮᠵᠢᠯᠠᠵᠤ ᠬᠠᠮᠠᠭᠠᠯᠠᠵᠤ ᠬᠦᠭᠵᠢᠭᠦᠯᠬᠦ ᠶᠢᠨ ᠲᠦᠯᠦᠭᠡ ᠶᠤᠮ᠃ ᠭᠠᠵᠠᠷ ᠭᠠᠵᠠᠷ ᠤᠨ ᠲᠠᠭᠤᠨ ᠤ ᠬᠡᠪ ᠨᠠᠮᠪᠠ ᠠᠳᠠᠯᠢ ᠦᠬᠡᠢ᠂ ᠭᠡᠪᠡᠴᠦ ᠭᠠᠵᠠᠷ ᠭᠠᠵᠠᠷ ᠤᠨ ᠲᠠᠭᠤᠴᠢᠳ  ᠤᠨ ᠲᠠᠭᠤᠤ ᠪᠠᠨ ᠲᠠᠭᠤᠯᠠᠬᠤ ᠰᠡᠳᠭᠢᠯᠬᠡ ᠪᠦᠷ ᠠᠳᠠᠯᠢᠬᠠᠨ ᠪᠠᠶᠢᠳᠠᠭ᠃ ᠢᠩᠬᠢᠭᠡᠳ ᠤᠯᠠᠨ ᠭᠠᠵᠠᠷ ᠤᠨ ᠬᠦᠮᠦᠰ ᠣᠷᠳᠣᠰ ᠠᠷᠠᠳ ᠤᠨ ᠲᠠᠭᠤᠤ᠂ ᠨᠡᠩ ᠴᠤ ᠮᠠᠨ ᠤ ᠤᠷᠳᠤᠰ ᠤᠨ ᠲᠡᠥᠬᠡᠨ ᠲᠡᠮᠲᠡᠭᠯᠡᠯ ᠳᠤ ᠤᠷᠤᠭᠰᠠᠨ ᠪᠤᠳᠤᠩ  ᠤᠨ ᠠᠷᠠᠳ ᠤᠨ ᠲᠠᠭᠤᠨ ᠤ ᠲᠤᠬᠠᠢ ᠤᠶᠢᠯᠠᠭᠠᠯᠲᠠ ᠲᠠᠢ ᠪᠤᠯᠤᠭᠰᠠᠨ ᠳᠤ ᠪᠠᠶᠠᠷᠯᠠᠵᠤ ᠪᠠᠶᠢᠨ᠎ᠠ︾ ᠭᠡᠵᠤ ᠠᠵᠢᠯᠯᠠᠭ᠎ᠠ ᠦᠷᠨᠢᠬᠦᠯᠦᠭᠰᠡᠨ ᠵᠤᠷᠢᠯᠭ᠎ᠠ ᠤᠶᠢᠯᠠᠭᠠᠯᠲᠠ ᠪᠠᠨ ᠶᠠᠷᠢᠵᠤ ᠪᠠᠶᠢᠯ᠎ᠠ᠃
     ᠤᠷᠤᠯᠳᠤᠭᠠᠨ ᠤ ᠡᠴᠦᠰ ᠲᠤ ᠤᠨᠴᠠ ᠲᠡᠰ᠂ ᠨᠢᠭᠡ ᠬᠤᠶᠠᠷ ᠭᠤᠷᠪᠠᠳᠤᠭᠠᠷ ᠲᠠᠰ᠂ ᠰᠢᠯᠢᠳᠡᠭ ᠲᠠᠰ ᠲᠤ ᠲᠤᠳᠤᠷᠠᠭᠰᠠᠳ ᠢ ᠲᠤᠰ ᠲᠤᠰ ᠱᠠᠩᠨᠠᠨ ᠬᠦᠬᠢᠭᠦᠯᠦᠭᠰᠡᠨ ᠠᠴᠠ ᠭᠠᠳᠠᠨ᠎ᠠ ᠵᠤᠷᠢᠭᠵᠢᠭᠤᠯᠤᠯ ᠤᠨ ᠱᠠᠩᠨᠠᠯ ᠭᠠᠷᠳᠠᠭᠤᠯᠤᠭᠰᠠᠨ ᠪᠠᠶᠢᠨ᠎ᠠ᠃  
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号