ᠮᠠᠨ ᠤ ᠬᠤᠰᠢᠭᠤᠨ ᠤ ᠪᠠᠶᠢᠴᠠᠭᠠᠬᠤ ᠬᠤᠷᠢᠶ᠎ᠠ ᠬᠤᠣᠰ ᠬᠡᠯᠡᠨ ᠤ ᠪᠠᠶᠢᠴᠠᠭᠠᠭᠴᠢ ᠳᠠᠷᠤᠭ᠎ᠠ ᠶᠢᠨ ᠣᠶᠢᠯᠡᠴᠢᠯᠡᠬᠡᠨ ᠤ ᠣᠳᠠᠰᠣ ᠶᠢ ᠨᠠᠪᠳᠠᠷᠡᠭᠦᠯᠣᠯ᠎ᠡ
ᠨᠡᠶᠢᠲᠡᠯᠡᠭᠰᠡᠨ ᠴᠠᠭ᠄
2019-07-19
     ᠡᠨ᠋ᠨ ᠵᠢᠯ ᠤᠨ 5 ᠰᠠᠷ᠎ᠠ ᠠᠴᠠ ᠮᠠᠨ ᠤ ᠬᠤᠰᠢᠭᠤᠨ ᠤ ᠠᠷᠡᠳ ᠤᠨ ᠪᠠᠶᠢᠴᠠᠭᠠᠬᠤ ᠬᠤᠷᠢᠶ᠎ᠠ ᠬᠤᠣᠰ ᠬᠡᠯᠡᠨ  ᠤ ᠪᠠᠶᠢᠴᠠᠭᠠᠭᠴᠢ ᠳᠠᠷᠤᠭ᠎ᠠ ᠶᠢᠨ ᠣᠶᠢᠯᠡᠴᠢᠯᠡᠬᠡᠨ ᠤ ᠣᠳᠠᠰᠣ ᠪᠣᠯᠣᠨ ᠬᠤᠣᠰ ᠬᠡᠯᠡ ᠪᠠᠷ ᠬᠦᠯᠢᠶᠡᠨ ᠣᠶᠢᠯᠡᠴᠢᠯᠡᠬᠦ ᠳᠠᠪᠴᠠᠩ ᠢ ᠨᠠᠪᠳᠡᠷᠡᠭᠦᠯᠣᠨ ᠪᠠᠶᠢᠭᠤᠯᠵᠣ ᠣᠯᠠᠨ ᠳᠦᠮᠡᠨ ᠳᠤ ᠳᠦᠬᠦᠮ ᠦᠵᠡᠬᠦᠯᠬᠦ ᠶᠢᠨ ᠬᠠᠮᠳᠣ ᠴᠦᠬᠡᠨ ᠳᠣᠭᠠᠳᠣ ᠦᠨᠳᠣᠰᠣᠳᠡᠨ ᠤ ᠦᠬᠡ ᠬᠡᠯᠡ ᠦᠰᠣᠭ᠌ ᠪᠢᠴᠢᠭ ᠢᠶᠠᠨ ᠭᠡᠷᠡᠭᠯᠡᠨ ᠬᠠᠣᠯᠢ ᠶᠣᠰᠣᠨ ᠤ ᠡᠷᠭᠡ ᠠᠰᠢᠭ ᠢᠶᠠᠨ ᠬᠠᠮᠠᠭᠠᠯᠠᠵᠣ ᠦᠨᠳᠣᠰᠣᠳᠡᠨ ᠤ ᠪᠦᠯᠬᠦᠮᠳᠡᠯ ᠳᠡᠪᠰᠢᠯᠳᠡ ᠶᠢ ᠠᠬᠢᠭᠤᠯᠬᠤ ᠳᠤ ᠰᠠᠭᠤᠷᠢ ᠳᠠᠯᠪᠢᠵᠣ ᠪᠠᠶᠢᠨ᠎ᠠ᠃      ᠤᠶᠢᠷ᠎ᠠ ᠳᠤ ᠦᠣᠰᠢᠨᠵᠣᠣ ᠪᠠᠯᠭᠠᠰᠣᠨ ᠤ ᠳᠣᠮᠢᠯᠠᠭᠰᠠᠨ ᠰᠠᠯᠪᠣᠷᠢ ᠶᠢᠨ ᠴᠠᠭᠳᠠᠭ᠎ᠠ ᠷᠢᠨᠴᠢᠨ ᠪᠠᠶᠢᠭᠤᠯᠭ᠎ᠠ  ᠶᠢᠨ ᠢᠶᠠᠨ ᠨᠢᠬᠡᠨ ᠮᠣᠩᠭᠤᠯ ᠦᠨᠳᠣᠰᠣᠳᠡᠨ ᠤ ᠬᠤᠯᠠᠭᠠᠢ ᠶᠢᠨ ᠭᠡᠷᠡᠭᠳᠡᠨ ᠤ ᠭᠡᠷᠡᠭ ᠤᠨ ᠡᠪᠬᠡᠮᠡᠯ ᠢ ᠳᠣᠰᠢᠶᠠᠬᠤ ᠪᠠᠷ ᠦᠣᠰᠢᠨ ᠬᠤᠰᠢᠭᠤᠨ ᠤ ᠠᠷᠡᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠠᠵᠢᠯ ᠤᠨ ᠣᠶᠢᠯᠡᠴᠢᠯᠡᠭᠡᠨ ᠤ ᠳᠦᠪ ᠲᠤ ᠬᠦᠷᠬᠦ ᠳᠤ ᠬᠤᠣᠰ ᠬᠡᠯᠡᠨ ᠤ ᠪᠠᠶᠢᠴᠠᠭᠠᠭᠴᠢ ᠳᠠᠷᠤᠭ᠎ᠠ ᠶᠢᠨ ᠬᠦᠯᠢᠶᠡᠨ ᠣᠶᠢᠯᠡᠴᠢᠯᠡᠬᠦ ᠳᠠᠪᠴᠡᠩ ᠠᠴᠠ ᠳᠡᠬᠦᠨ ᠤ ᠪᠠᠶᠠᠯᠡᠬᠦᠯᠬᠦ ᠬᠡᠵᠣ ᠪᠡᠶᠢᠭ᠎ᠠ ᠠᠵᠢᠯ ᠳᠤ ᠴᠤᠯ ᠮᠣᠩᠭᠤᠯ ᠬᠡᠯᠡ ᠪᠠᠷ ᠣᠶᠢᠯᠡᠴᠢᠯᠡᠵᠣ ᠬᠦᠢᠴᠡᠳᠬᠡᠵᠣ ᠦᠭᠬᠦᠭᠰᠡᠨ ᠠᠴᠠ ᠰᠠᠨᠠᠭᠠᠨ ᠠᠴᠠ ᠭᠠᠳᠠᠭᠤᠷ ᠳᠦᠬᠦᠮ ᠪᠣᠯᠣᠭᠰᠠᠨ  ᠪᠠᠶᠢᠨ᠎ᠠ᠃          ᠮᠠᠨ ᠤ ᠬᠤᠰᠢᠭᠤ 13 ᠲᠦᠮᠡ ᠭᠠᠷᠤᠢ ᠬᠦᠮᠦᠨ ᠠᠮᠠ ᠲᠠᠢ᠃ ᠡᠭᠦᠨ ᠳᠤ ᠮᠣᠩᠭᠤᠯ ᠦᠨᠳᠦᠰᠦᠲᠡᠨ 4 ᠲᠦᠮᠡ ᠭᠠᠷᠤᠢ ᠬᠦᠮᠣᠨ ᠠᠮᠠ ᠲᠠᠢ ᠪᠡᠶᠢᠳᠠᠭ᠃ ᠮᠣᠩᠭᠤᠯ ᠦᠨᠳᠣᠰᠣᠳᠡᠨ ᠤ ᠣᠯᠠᠨ ᠳᠦᠮᠡᠨ ᠳᠤ ᠳᠦᠬᠦᠮ ᠦᠵᠡᠬᠦᠯᠬᠦ ᠶᠢᠨ ᠳᠦᠯᠣᠬᠡ ᠦᠤᠰᠢᠨ ᠬᠤᠰᠢᠭᠤᠨ ᠤ ᠠᠷᠡᠳ ᠤᠨ ᠪᠠᠶᠢᠴᠠᠭᠠᠬᠤ ᠬᠤᠷᠢᠶ᠎ᠠ ᠡᠨ᠋ᠨ ᠵᠢᠯ ᠤᠨ 5 ᠰᠠᠷ᠎ᠠ  ᠳᠤ ᠬᠤᠣᠰ ᠬᠡᠯᠡᠨ ᠤ ᠪᠠᠶᠢᠴᠠᠭᠠᠭᠴᠢ ᠳᠠᠷᠤᠭ᠎ᠠ ᠶᠢᠨ ᠣᠶᠢᠯᠡᠴᠢᠯᠡᠬᠡᠨ ᠤ ᠣᠳᠠᠰᠣ ᠪᠣᠯᠣᠨ ᠬᠤᠣᠰ ᠬᠡᠯᠡᠨ ᠤ ᠬᠦᠯᠢᠶᠡᠨ ᠣᠶᠢᠯᠡᠴᠢᠯᠡᠬᠦ ᠳᠠᠪᠴᠠᠩ ᠢ ᠨᠠᠪᠳᠡᠷᠡᠭᠦᠯᠣᠨ ᠪᠠᠶᠢᠭᠤᠯᠣᠭᠰᠠᠨ ᠪᠠᠶᠢᠨ᠎ᠠ᠃ ᠬᠠᠣᠯᠢ ᠴᠠᠭᠠᠵᠠ ᠶᠢᠨ ᠬᠠᠪᠰᠣᠷᠣᠯᠭ᠎ᠠ ᠳᠡᠮᠵᠢᠯᠬᠡ ᠭᠡᠷᠡᠭᠴᠡᠭᠡ ᠲᠠᠢ ᠣᠯᠠᠨ ᠳᠦᠮᠡᠨ ᠬᠤᠣᠰ ᠬᠡᠯᠡᠨ ᠤ ᠣᠶᠢᠯᠡᠴᠢᠯᠡᠭᠡ ᠲᠠᠢ 7212309  ᠳᠤ ᠤᠳᠠᠰᠤᠳᠠᠵᠤ ᠬᠠᠣᠯᠢ ᠴᠠᠭᠠᠵᠠ᠂ ᠳᠦᠷᠢᠮ ᠳᠣᠭᠳᠠᠭᠠᠯ ᠤᠨ ᠠᠰᠠᠭᠤᠨ ᠯᠠᠪᠯᠠᠯᠳᠠ᠂ ᠢᠷᠬᠡᠨ ᠤ ᠭᠡᠷᠡᠭ᠂ ᠵᠠᠰᠠᠭ ᠵᠠᠬᠢᠷᠭᠠᠨ ᠤ ᠭᠡᠷᠡᠭ ᠤᠨ ᠭᠤᠮᠣᠳᠠᠯ ᠳᠣᠭᠠᠴᠢᠯᠲᠠ ᠵᠡᠷᠭᠡ ᠭᠡᠷᠡᠭ ᠤᠳ ᠤᠨ ᠲᠤᠬᠠᠢ ᠠᠰᠠᠭᠤᠨ ᠯᠠᠪᠯᠠᠵᠤ ᠪᠤᠯᠤᠨ᠎ᠠ᠃ ᠦᠢᠯᠡᠴᠢᠯᠡᠬᠦ ᠲᠠᠪᠴᠠᠩ ᠠᠴᠠ ᠠᠰᠠᠭᠤᠯᠲᠠ ᠶᠢ ᠬᠦᠯᠢᠶᠡᠨ ᠠᠪᠴᠣ ᠬᠤᠣᠰ ᠬᠡᠯᠡ ᠪᠠᠷ ᠬᠠᠷᠢᠭᠤᠯᠳᠡ ᠦᠭᠴᠣ ᠭᠡᠷᠡᠭ  ᠤᠨ ᠳᠣᠬᠢᠷᠠᠭᠰᠠᠨ ᠰᠠᠯᠠᠭ᠎ᠠ ᠮᠦᠴᠢᠷ ᠲᠤ ᠨᠢ ᠴᠠᠭ ᠳᠣᠬᠠᠢ ᠲᠤᠨᠢ ᠰᠢᠯᠢᠵᠢᠬᠦᠯᠣᠨ ᠦᠭᠬᠦ ᠶᠢᠨ ᠬᠠᠮᠳᠣ ᠬᠠᠯᠠᠮᠰᠢᠯ ᠣᠳᠠᠰᠣ ᠪᠠᠷ ᠳᠣᠰᠬᠠᠭᠰᠠᠨ ᠠᠰᠠᠭᠤᠳᠠᠯ ᠢ ᠳᠦᠪᠯᠡᠷᠡᠭᠦᠯᠣᠨ ᠰᠢᠢᠳᠪᠦᠷᠢᠯᠡᠭᠰᠡᠨ ᠰᠢᠢᠳᠪᠦᠷᠢ ᠳᠣᠭᠳᠠᠭᠠᠯ ᠢ ︽ᠦᠣᠰᠢᠨ ᠬᠤᠰᠢᠭᠤᠨ ᠤ ᠠᠷᠡᠳ ᠤᠨ ᠪᠠᠶᠢᠴᠠᠭᠠᠬᠤ ᠬᠤᠷᠢᠶᠠᠨ ᠤ ᠬᠠᠮ ᠵᠠᠭᠤᠴᠢᠯᠠᠭᠤᠷ ᠤᠨ ᠠᠵᠢᠯ ᠤᠨ ᠳᠠᠰᠤᠭ︾  ᠤᠨ ᠸᠢᠴᠠᠲ ᠳᠡᠪᠴᠠᠩ᠂ ᠰᠣᠨᠢᠨ ᠮᠡᠳᠡᠬᠡᠨ ᠤ ᠨᠠᠶᠢᠳᠡᠯᠡᠯ᠂ ᠬᠠᠣᠯᠢ ᠴᠠᠭᠠᠵᠠ ᠶᠢᠨ ᠳᠡᠶᠢᠯᠣᠮᠵᠢ ᠵᠡᠷᠭᠡ ᠪᠣᠯᠣᠭ᠌ ᠳᠡᠭᠡᠷ᠎ᠡ ᠨᠠᠪᠳᠡᠷᠡᠭᠦᠯᠣᠨ ᠨᠠᠶᠢᠳᠡᠯᠠᠵᠣ ᠣᠶᠢᠯᠡᠴᠢᠯᠡᠵᠣ ᠪᠠᠶᠢᠨ᠎ᠠ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号