7 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ | ᠵᠤᠤ ᠹᠸᠢ ᠯᠤ᠋ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ ᠤᠨ ᠭᠡᠰᠡᠭ ᠲᠦᠷᠦᠯ ᠵᠦᠢᠯ ᠤᠨ ᠲᠤᠬᠠᠢ ᠶᠢᠨ ᠲᠠᠯᠠᠪᠠᠢ | ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ | ᠬᠤᠰᠢᠭᠤ ᠲᠡᠳ᠋ ᠳᠠᠷᠤᠭ᠎ᠠ ᠵᠠᠩ ᡁᠢ ᠰᠢᠦ᠋ᠩ᠂ ᠬᠤᠰᠢᠭᠤ ᠤᠳᠤᠷᠢᠳᠤᠯᠭ᠎ᠠ ᠯᠢᠦ ᠵᠧᠩ ᠪᠤᠯᠤᠨ ᠬᠤᠰᠢᠭᠤ ᠵᠠᠰᠠᠭ | ᠤᠨ ᠤᠷᠳᠤᠨ ᠤ ᠠᠯᠪᠠᠨ ᠭᠡᠷ᠂ ᠰᠤᠷᠭᠠᠨ ᠬᠦᠮᠦᠵᠢᠯ ᠪᠡᠶ᠎ᠡ ᠲᠠᠮᠢᠷ ᠤᠨ ᠲᠤᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠠᠨᠳᠤ ᠶᠢᠨ ᠵᠦᠪᠯᠡᠯ᠂ ᠤᠷᠤᠨ ᠰᠠᠭᠤᠴᠠ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ ᠵᠡᠷᠭᠡ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷᠠᠳᠠᠨ ᠪᠠᠶᠢᠴᠠᠭᠠᠪᠠ᠃ | | | | | | | ᠵᠤᠤ ᠹᠸᠢ ᠯᠤ᠋ ᠨᠠᠷ ᠤᠷᠢᠳ ᠬᠤᠵᠢᠳ ᠰᠢᠨ᠎ᠡ ᠪᠠᠷ ᠪᠠᠶᠢᠭᠤᠯᠵᠤ ᠪᠠᠶᠢᠭ᠎ᠠ ᠭᠠᠯᠠᠭᠤᠲᠤ ᠰᠤᠷᠭᠠᠭᠤᠯᠢ ᠶᠢᠨ | ᠬᠤᠶᠠᠳᠤᠭᠠᠷ ᠬᠤᠭᠤᠴᠠᠭᠠᠨ ᠤ ᠪᠠᠷᠢᠯᠭ᠎ᠠ᠂ ᠭᠤᠷᠪᠠᠳᠤᠭᠠᠷ ᠬᠡᠦᠬᠡᠳ ᠤᠨ ᠴᠡᠴᠡᠷᠯᠢᠭ᠂ ᠬᠢᠵᠢᠭ ᠢ ᠰᠠᠷᠭᠡᠶᠢᠯᠠᠨ | ᠭᠢᠵᠠᠭᠠᠷᠯᠠᠬᠤ ᠲᠦᠪ ᠤᠨ ᠬᠠᠯᠳᠠᠪᠤᠷᠢᠲᠤ ᠡᠪᠡᠳᠴᠢᠨ ᠤ ᠪᠠᠴᠢᠮ ᠪᠠᠶᠢᠳᠠᠯ ᠢ ᠠᠷᠭᠠᠴᠠᠭᠠᠬᠤ ᠲᠤᠷᠰᠢᠯᠲᠠ ᠶᠢᠨ ᠠᠰᠠᠷ | ᠤᠨ ᠪᠠᠷᠢᠯᠭ᠎ᠠ ᠶᠢᠨ ᠭᠠᠵᠠᠷ ᠪᠠ ᠬᠤᠰᠢᠭᠤ ᠨᠢᠭᠡᠳᠤᠭᠡᠷ ᠲᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠲᠤᠮᠳᠠᠳᠤ | ᠰᠤᠷᠭᠠᠭᠤᠯᠢ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢ ᠵᠠᠰᠠᠨ ᠰᠢᠨᠡᠳᠭᠡᠬᠦ ᠪᠠᠷᠢᠯᠭ᠎ᠠ ᠶᠢᠨ ᠲᠤᠬᠠᠢ ᠶᠢᠨ | ᠲᠠᠯᠠᠪᠠᠢ ᠳᠤ ᠬᠦᠷᠴᠦ ᠪᠠᠷᠢᠯᠭ᠎ᠠ ᠶᠢᠨ ᠠᠬᠢᠴᠠ ᠶᠢ ᠪᠠᠶᠢᠴᠠᠭᠠᠨ ᠦᠵᠡᠵᠦ ᠪᠦᠲᠦᠭᠡᠨ ᠪᠠᠶᠢᠭᠤᠯᠤᠯᠲᠠ ᠶᠢᠨ | ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠳᠠᠨ ᠤ ᠪᠦᠲᠦᠭᠡᠨ ᠪᠠᠶᠢᠭᠤᠯᠤᠯᠲᠠ ᠶᠢᠨ ᠲᠦᠯᠦᠪᠯᠡᠭᠡ ᠪᠠ ᠠᠬᠢᠴᠠ ᠶᠢᠨ | ᠲᠤᠬᠠᠢ ᠮᠡᠳᠡᠭᠦᠯᠦᠯᠲᠡ ᠶᠢ ᠰᠤᠨᠤᠰᠤᠨ ᠲᠤᠬᠠᠢ ᠶᠢᠨ ᠲᠠᠯᠠᠪᠠᠢ ᠳᠤ ᠠᠯᠪᠠᠯᠠᠨ ᠠᠰᠠᠭᠤᠳᠠᠯ ᠢ ᠰᠶᠢᠳᠪᠦᠷᠢᠯᠡᠭᠰᠡᠨ | ᠪᠠᠶᠢᠨ᠎ᠠ᠃ ᠵᠤᠤ ᠹᠸᠢ ᠯᠤ᠋ ᠵᠢᠭᠠᠵᠤ ᠭᠠᠷᠭᠠᠬᠤ ᠳᠤ ᠪᠠᠨ᠂ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ ᠤᠨ ᠠᠵᠢᠯ | ᠪᠤᠯ ᠠᠷᠠᠳ ᠲᠦᠮᠡᠨ ᠤ ᠬᠠᠮᠤᠭ ᠠᠴᠠ ᠠᠩᠬᠠᠷᠤᠯ ᠲᠠᠯᠪᠢᠵᠦ ᠪᠠᠶᠢᠭ᠎ᠠ ᠠᠷᠠᠳ ᠤᠨ ᠠᠮᠢᠳᠤᠷᠠᠯ ᠤᠨ ᠢᠨᠵᠧᠨᠧᠷᠢᠩ | ᠪᠤᠯᠬᠤ ᠶᠤᠮ᠃ ᠬᠤᠰᠢᠭᠤ ᠰᠤᠷᠭᠠᠨ ᠬᠦᠮᠦᠵᠢᠯ᠂ ᠪᠡᠶ᠎ᠡ ᠲᠠᠮᠢᠷ᠂ ᠡᠷᠡᠭᠦᠯ ᠬᠠᠮᠠᠭᠠᠯᠠᠯ᠂ ᠤᠷᠤᠨ ᠰᠠᠭᠤᠴᠠ | ᠪᠦᠲᠦᠭᠡᠨ ᠪᠠᠶᠢᠭᠤᠯᠤᠯᠲᠠ ᠵᠡᠷᠭᠡ ᠪᠠᠶᠢᠭᠤᠯᠭ᠎ᠠ ᠨᠢᠭᠡᠴᠢ ᠨᠢ ᠪᠠᠷᠢᠯᠭ᠎ᠠ ᠶᠢᠨ ᠠᠵᠤ ᠠᠬᠤᠶᠢᠯᠠᠯ ᠢ ᠱᠠᠭᠠᠷᠳᠠᠨ | ᠪᠠᠷᠢᠯᠭ᠎ᠠ ᠶᠢᠨ ᠲᠦᠯᠦᠪᠯᠡᠭᠡ ᠲᠦᠯᠦᠪᠵᠢᠬᠦᠯᠭᠡ ᠶᠢ ᠵᠤᠬᠢᠰᠲᠠᠢ ᠲᠤᠬᠢᠷᠠᠭᠤᠯᠤᠨ ᠬᠦᠴᠢᠷ ᠠᠰᠠᠭᠤᠳᠠᠯ ᠢ | ᠵᠤᠬᠢᠴᠠᠭᠤᠯᠤᠨ ᠰᠢᠢᠳᠪᠦᠷᠢᠯᠡᠵᠦ ᠪᠠᠷᠢᠯᠭ᠎ᠠ ᠶᠢᠨ ᠠᠬᠢᠴᠠ ᠶᠢ ᠲᠦᠷᠭᠡᠳᠭᠡᠨ ᠲᠤᠨᠤᠭ ᠲᠦᠬᠦᠭᠡᠷᠦᠮᠵᠢ ᠶᠢᠨ | ᠬᠡᠷᠡᠭᠯᠡᠯᠲᠡ ᠪᠠ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠢᠵᠢᠯ ᠠᠯᠬᠤᠮ ᠢᠶᠠᠷ ᠲᠦᠯᠬᠢᠨ ᠠᠬᠢᠭᠤᠯᠵᠤ | ᠲᠦᠯᠦᠪᠯᠡᠭᠡ ᠶᠤᠰᠤᠭᠠᠷ ᠭᠡᠷᠡᠭᠯᠠᠯᠳᠠ ᠳᠤ ᠤᠷᠤᠭᠤᠯᠬᠤ ᠭᠡᠷᠡᠭᠳᠠᠢ ᠭᠡᠵᠡᠢ᠃ | | | | | | | | | | ᠵᠤᠤ ᠹᠸᠢ ᠯᠤ᠋ ᠴᠢᠬᠤᠯᠠᠴᠢᠯᠠᠬᠤ ᠳᠤ ᠪᠠᠨ᠂ ᠠᠮᠤᠷ ᠲᠦᠪᠰᠢᠨ ᠪᠠ ᠴᠢᠨᠠᠷ ᠴᠢᠨᠰᠠᠭ᠎ᠠ ᠪᠤᠯ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠠᠮᠢᠨ ᠰᠤᠳᠠᠰᠤ ᠪᠤᠯᠤᠨ᠎ᠠ᠃ ᠪᠠᠷᠢᠯᠭ᠎ᠠ ᠶᠢᠨ ᠪᠠᠶᠢᠭᠤᠯᠭ᠎ᠠ ᠨᠢᠭᠡᠴᠢ ᠨᠢ ᠪᠠᠷᠢᠯᠭ᠎ᠠ | ᠶᠢᠨ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠪᠠᠨ ᠴᠢᠩᠭᠠᠳᠬᠠᠨ ᠤᠷᠤᠨ ᠰᠠᠭᠤᠴᠠ ᠪᠦᠲᠦᠭᠡᠨ ᠪᠠᠶᠢᠭᠤᠯᠤᠯᠲᠠ | ᠵᠡᠷᠭᠡ ᠠᠵᠢᠯ ᠲᠥᠷᠤᠯ ᠤᠨ ᠭᠤᠤᠯ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠡᠳᠦᠷ ᠲᠤᠲᠤᠮ ᠤᠨ ᠬᠢᠨᠠᠨ | ᠵᠢᠯᠤᠭᠤᠳᠤᠯᠭ᠎ᠠ ᠪᠠᠨ ᠴᠢᠩᠭᠠᠳᠬᠠᠵᠦ ᠪᠦᠲᠦᠭᠡᠨ ᠪᠠᠶᠢᠭᠤᠯᠤᠯᠲᠠ ᠶᠢᠨ ᠠᠮᠤᠷ ᠲᠦᠪᠰᠢᠨ ᠪᠠ ᠢᠨᠵᠧᠨᠧᠷᠢᠩ ᠤᠨ | ᠴᠢᠨᠠᠷ ᠴᠢᠨᠰᠠᠭ᠎ᠠ ᠶᠢ ᠪᠠᠳᠤᠯᠠᠨ ᠰᠤᠳᠤᠨ ᠢᠨᠵᠧᠨᠧᠷᠢᠩ ᠢ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠭᠡᠷᠡᠭᠳᠠᠢ ᠭᠡᠵᠡᠢ᠃ | |