ᠰᠢ ᠶᠢᠨ ᠫᠢᠩ 2019 ᠤᠨ ᠤ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠠᠵᠢᠯ ᠤᠨ ᠬᠤᠷᠠᠯ ᠳᠤ ᠤᠷᠤᠯᠴᠠᠭᠰᠠᠨ ᠡᠯᠴᠢᠨ ᠰᠠᠶᠢᠳ ᠢ ᠬᠦᠯᠢᠶᠡᠨ ᠠᠪᠴᠤ ᠠᠭᠤᠯᠵᠠᠪᠠ
ᠨᠡᠶᠢᠲᠡᠯᠡᠭᠰᠡᠨ ᠴᠠᠭ᠄
2019-07-19
      ᠰᠢᠨᠬᠤᠸᠠ ᠬᠤᠷᠢᠶ᠎ᠠ ᠪᠡᠭᠡᠵᠢᠩ ᠤᠨ 7 ᠰᠠᠷ᠎ᠠ ᠶᠢᠨ 17 ᠤ ᠡᠳᠤᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠯᠢᠦ ᠬᠤᠸᠠ ᠡᠦ ᠵᠢᠶᠠ ᠯᠢᠨ︶ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ 17 ᠤ ᠡᠳᠤᠷ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ 2019 ᠤᠨ ᠤ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠠᠵᠢᠯ ᠤᠨ ᠬᠤᠷᠠᠯ ᠳᠤ ᠤᠷᠤᠯᠴᠠᠬᠤ ᠪᠠᠷ ᠤᠯᠤᠰ ᠲᠤ ᠪᠠᠨ ᠪᠤᠴᠠᠵᠤ ᠢᠷᠡᠭᠰᠡᠨ ᠪᠦᠬᠦ ᠡᠯᠴᠢᠨ ᠰᠠᠶᠢᠳ ᠢ ᠬᠦᠯᠢᠶᠡᠨ ᠠᠭᠤᠯᠵᠠᠵᠤ᠂ ᠨᠠᠮ ᠤᠨ ᠲᠦᠪ ᠬᠤᠷᠢᠶ᠎ᠠ ᠶᠢᠨ ᠡᠮᠦᠨ᠎ᠡ ᠠᠴᠠ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠠᠵᠢᠯ ᠤᠨ ᠬᠤᠷᠠᠯ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠬᠡᠵᠤ ᠪᠠᠶᠢᠬᠤ ᠪᠠᠨ ᠢᠯᠡᠳᠬᠡᠬᠦ ᠶᠢᠨ ᠬᠠᠮᠳᠤ ᠪᠦᠬᠦ ᠡᠯᠴᠢᠨ ᠰᠠᠶᠢᠳ ᠪᠤᠯᠤᠨ ᠭᠠᠳᠠᠭᠠᠳᠤ ᠬᠠᠷᠢᠯᠴᠠᠭᠠᠨ ᠤ ᠹᠷᠤᠨᠲ ᠲᠤ ᠰᠢᠷᠭᠠᠭᠤ ᠠᠵᠢᠯᠯᠠᠵᠤ ᠪᠠᠶᠢᠭ᠎ᠠ ᠪᠦᠬᠦ ᠨᠦᠬᠦᠳ ᠲᠤ ᠴᠢᠩ ᠰᠡᠳᠬᠢᠯ ᠤᠨ ᠮᠡᠨᠳᠤᠴᠢᠯᠡᠯ ᠬᠦᠷᠭᠡᠭᠰᠡᠨ ᠪᠠᠶᠢᠨ᠎ᠠ᠃      ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠬᠤ ᠶᠢᠨ ᠬᠡᠰᠢᠬᠦᠨ᠂ ᠲᠦᠪ ᠤᠨ ᠱᠦᠵᠢ ᠨᠠᠷ ᠤᠨ ᠭᠠᠵᠠᠷ ᠤᠨ ᠱᠦᠵᠢ ᠸᠠᠩ ᠬᠤ ᠨᠢᠩ ᠠᠭᠤᠯᠵᠠᠯᠳᠠ ᠳᠤ ᠤᠷᠤᠯᠴᠠᠪᠠ᠃      ᠦᠳᠡ ᠠᠴᠠ ᠬᠤᠶᠢᠰᠢ 4᠄ 30 ᠴᠠᠭ ᠤᠨ ᠦᠶ᠎ᠡ ᠪᠠᠷ ᠰᠢ ᠶᠢᠨ ᠫᠢᠩ ᠨᠠᠷ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠳᠤ ᠲᠠᠩᠬᠢᠮ ᠳᠤ ᠬᠦᠷᠬᠦ ᠳᠤ ᠬᠠᠯᠠᠭᠤᠨ ᠠᠯᠠᠭ᠎ᠠ ᠲᠠᠰᠢᠯᠳᠠ ᠶᠢᠨ ᠤᠭᠳᠤᠯᠭ᠎ᠠ ᠶᠢ ᠬᠦᠯᠢᠶᠡᠪᠡ᠃ ᠰᠢ ᠶᠢᠨ ᠫᠢᠩ ᠨᠠᠷ ᠡᠯᠴᠢᠨ ᠰᠠᠶᠢᠳ ᠲᠠᠢ ᠲᠤᠳᠤᠨᠤ ᠪᠠᠷ ᠭᠠᠷ ᠪᠠᠷᠢᠯᠴᠠᠬᠤ ᠶᠢᠨ ᠵᠡᠷᠬᠡᠴᠡᠭᠡ ᠶᠠᠷᠢᠯᠴᠠᠵᠤ᠂ ᠬᠠᠮᠳᠤ ᠶᠢᠨ ᠵᠢᠷᠤᠭ ᠠᠪᠬᠠᠭᠤᠯᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠬᠡᠰᠢᠬᠦᠨ ᠵᠢᠴᠢ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ ᠠᠭᠤᠯᠵᠠᠯᠳᠠ ᠳᠤ ᠤᠷᠤᠯᠴᠠᠬᠤ ᠶᠢᠨ ᠬᠠᠮᠳᠤ 2019 ᠤᠨ ᠤ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠠᠵᠢᠯ ᠤᠨ ᠬᠤᠷᠠᠯ ᠲᠡᠭᠡᠷ᠎ᠡ ᠶᠠᠷᠢᠶ᠎ᠠ ᠲᠠᠯᠪᠢᠪᠠ᠃ ᠬᠤᠷᠠᠯ ᠢᠶᠠᠷ ᠲᠠᠮᠵᠢᠨ ᠤᠳᠤᠬᠠᠨ ᠤ ᠤᠯᠠᠨ ᠤᠯᠤᠰ ᠤᠨ ᠪᠠᠶᠢᠳᠠᠯ ᠵᠢᠴᠢ ᠮᠠᠨ ᠤ ᠤᠯᠤᠰ ᠤᠨ ᠬᠦᠭᠵᠢᠯᠳᠡ ᠶᠢᠨ ᠤᠷᠤᠰᠢᠵᠤ ᠪᠠᠶᠢᠭ᠎ᠠ ᠲᠡᠦᠬᠡᠨ ᠵᠤᠭᠰᠤᠴᠠ ᠶᠢ ᠬᠦᠨᠵᠡᠬᠡᠢ ᠵᠠᠳᠠᠯᠵᠤ᠂ ᠭᠠᠳᠠᠭᠠᠳᠤ ᠳᠤ ᠰᠠᠭᠤᠭ᠎ᠠ ᠪᠦᠬᠦ ᠡᠯᠴᠢᠨ ᠰᠠᠶᠢᠳ ᠢ ᠤᠬ ᠵᠤᠷᠢᠯᠳᠠ ᠪᠠᠨ ᠦᠯᠦ ᠮᠠᠷᠳᠠᠨ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠪᠠᠷ᠂ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠲᠦᠪ ᠬᠤᠷᠢᠶᠠᠨ ᠤ ᠭᠠᠳᠠᠭᠠᠳᠤ ᠬᠠᠷᠢᠯᠴᠠᠭᠠᠨ ᠤ ᠠᠵᠢᠯ ᠤᠨ ᠴᠢᠬᠤᠯᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠵᠤᠷᠢᠭᠲᠠᠢ ᠨᠡᠬᠡᠬᠡᠯᠳᠡ ᠬᠢᠵᠤ᠂ ᠢᠳᠡᠪᠬᠢᠲᠡᠢ ᠤᠷᠤᠭᠰᠢᠯᠠᠵᠤ᠂ ᠰᠢᠯᠢᠳᠡᠭ ᠦᠷ᠎ᠡ ᠪᠦᠲᠦᠮᠵᠢ ᠪᠠᠷ ᠢᠶᠠᠨ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠤᠭᠳᠤᠵᠤ᠂ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠪᠤᠯᠤᠨ ᠲᠤᠮᠳᠠᠳᠤ ᠶᠢᠨ ᠦᠨᠳᠤᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠮᠦᠷᠦᠬᠡᠳᠤᠯ ᠢ ᠪᠡᠶᠡᠯᠡᠬᠦᠯᠬᠦ ᠳᠤ ᠴᠢᠬᠤᠯᠠ ᠬᠤᠪᠢ ᠨᠡᠮᠡᠷᠢ ᠦᠵᠡᠬᠦᠯᠬᠦ ᠬᠡᠷᠡᠭᠲᠡᠢ ᠬᠡᠵᠤ ᠱᠠᠭᠠᠷᠳᠠᠪᠠ᠃      ᠳ᠋ᠢᠩ ᠰᠢᠤᠸᠠᠢ ᠰᠢᠶᠠᠩ᠂ ᠶᠠᠩ ᠵᠢᠶᠧ ᡂᠢ ᠠᠭᠤᠯᠵᠠᠯᠳᠠ ᠳᠤ ᠤᠷᠤᠯᠴᠠᠪᠠ᠃
 
ᠢᠷᠡᠯᠲᠡ᠄ ᠰᠢᠨᠬᠤᠸᠠ ᠮᠤᠩᠭᠤᠯ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号