ᠱᠠᠨᠪᠸᠢ ᠶᠢᠨ ᠦᠨᠳᠦᠷᠯᠢᠭ ᠠᠴᠠ ᠡᠬᠢ ᠠᠪᠤᠭᠰᠠᠨ ᠰᠢᠷᠬᠤᠰᠤᠨ ᠭᠤᠤᠯ ᠬᠤᠶᠢᠰᠢ ᠪᠠᠨ ᠤᠷᠤᠰᠴᠤ᠂ ᠱᠠᠨᠰᠢ | ᠮᠤᠵᠢ ᠶᠢᠨ ᠳ᠋ᠢᠩᠪᠢᠶᠠᠨ᠂ ᠵᠢᠩᠪᠢᠶᠠᠨ ᠬᠤᠶᠠᠷ ᠰᠢᠶᠠᠨ ᠢᠶᠠᠷ ᠦᠡᠭᠭᠡᠷᠡᠨ᠂ ᠤᠷᠳᠤᠰ ᠬᠤᠳᠠ ᠶᠢᠨ ᠤᠳᠤᠭ ᠤᠨ | ᠡᠮᠤᠨᠡᠳᠤ ᠬᠤᠰᠢᠭᠤ ᠪᠤᠯᠤᠨ ᠦᠤᠰᠢᠨ ᠬᠤᠰᠢᠭᠤ ᠪᠠᠷ ᠲᠡᠮᠵᠢᠨ᠂ ᠮᠤᠤᠠᠤᠰᠤ ᠶᠢᠨ ᠡᠯᠡᠰᠤᠨ ᠤ ᠵᠡᠭᠦᠨ ᠡᠮᠤᠨ᠎ᠠ | ᠪᠠᠶ᠎ᠠ ᠪᠠᠷ ᠪᠠᠳᠤ ᠶᠢᠨ ᠲᠤᠬᠤᠢ ᠳᠤ ᠬᠦᠷᠤᠭᠡᠳ ᠲᠤᠬᠤᠢᠢᠷᠠᠨ ᠤᠷᠤᠰᠴᠤ᠂ ᠡᠯᠡᠰᠤ ᠮᠠᠩᠬ᠎ᠠ᠂ ᠠᠭᠤᠯᠠ ᠤᠰᠤ᠂ ᠤᠢ | ᠮᠤᠳᠤ ᠲᠠᠢ ᠪᠠᠶᠢᠭᠠᠯᠢ ᠶᠢᠨ ᠦᠡᠭᠭᠡ ᠦᠵᠡᠮᠵᠢ ᠶᠢ ᠪᠦᠷᠢᠳᠦᠭᠦᠯᠦᠭᠰᠡᠨ ᠪᠠᠶᠢᠨ᠎ᠠ᠃ ᠤᠤᠯ ᠨᠢ ᠡ᠊ᠨᠳᠡ ᠪᠠᠳᠤ ᠭᠡᠳᠡᠭ | ᠮᠤᠩᠭᠤᠯ ᠬᠦᠮᠤᠨ ᠰᠠᠭᠤᠵᠤ ᠪᠠᠶᠢᠭᠰᠠᠨ ᠢᠶᠠᠷ ︽ᠪᠠᠳᠤ ᠶᠢᠨ ᠲᠤᠬᠤᠢ︾ ᠭᠡᠵᠤ ᠨᠡᠷᠡᠯᠡᠭᠦ ᠪᠤᠯᠤᠭᠰᠠᠨ ᠭᠡᠳᠡᠭ᠃ | ᠤᠳᠤ ᠪᠠᠳᠤ ᠶᠢᠨ ᠲᠤᠬᠤᠢ ᠲᠤᠰᠬᠤᠨ ᠳᠤ ᠪᠠᠶᠢᠡᠭᠭᠤ ᠰᠠᠭᠤᠭ᠎ᠠ ᠬᠦᠮᠤᠨ ᠠᠮᠠ 1400 ᠭᠠᠷᠤᠢ ᠪᠠᠶᠢᠳᠠᠭ᠃ | ᠲᠡᠳᠡ ᠭᠤᠤᠯᠳᠠᠭᠤ ᠲᠠᠷᠢᠶᠠᠯᠠᠩ ᠦᠢᠯᠡᠳᠪᠤᠷᠢᠯᠡᠯ᠂ ᠵᠢᠭᠠᠰᠤᠨ ᠤ ᠦᠢᠯᠡᠰ ᠲᠤ ᠲᠦᠰᠢᠭᠯᠡᠨ ᠠᠵᠤ ᠲᠦᠷᠤᠵᠤ᠂ | ᠰᠡᠭᠦᠯ ᠤᠨ ᠦᠶ᠎ᠠ ᠳᠤ ᠠᠶᠠᠯᠠᠯ ᠵᠢᠭᠤᠯᠴᠢᠯᠠᠯ ᠤᠨ ᠦᠢᠯᠡᠰ ᠢ ᠡᠷᠴᠢᠮᠳᠠᠢ ᠬᠦᠭᠵᠢᠭᠦᠯᠵᠤ ᠪᠠᠶᠢᠨ᠎ᠠ᠃ | | | | | | | | ᠪᠠᠳᠤ ᠶᠢᠨ ᠲᠤᠬᠤᠢ ᠪᠤᠯ ᠪᠠᠷᠠᠭᠤᠨ ᠬᠤᠶᠢᠳᠤ ᠤᠷᠤᠨ ᠤ ᠬᠤᠪᠢᠰᠬᠠᠯ ᠨᠠᠯᠢᠶᠠᠳ ᠡᠷᠳᠡ ᠦᠷᠨᠢᠭᠰᠡᠨ | ᠭᠠᠵᠠᠷ ᠤᠨ ᠨᠢᠭᠡ ᠶᠤᠮ᠃ ᠲᠡᠭᠡᠷ᠎ᠠ ᠵᠠᠭᠤᠨ ᠤ ᠭᠤᠴᠢᠭᠠᠳ ᠤᠨ ᠤ ᠦᠶ᠎ᠠ ᠪᠠᠷ ᠤᠯᠠᠭᠠᠨᠭᠦᠦ᠂ ᠸᠠᠩ ᠵᠧᠨ᠂ | ᠰᠦᠡᠭ ᠷᠧᠨ ᠴᠢᠶᠦ᠋ᠡᠭ ᠵᠡᠷᠭᠡ ᠠᠬᠠᠮᠠᠳ ᠨᠢᠭᠡ ᠦᠶ᠎ᠠ ᠶᠢᠨ ᠬᠤᠪᠢᠰᠬᠠᠯᠴᠢᠳ ᠡᠨᠡ ᠨᠤᠳᠤᠭ ᠲᠤ ᠬᠤᠪᠢᠰᠬᠠᠯ ᠬᠢᠵᠤ | ᠪᠠᠶᠢᠭᠰᠠᠨ ᠦᠯᠢᠭᠡᠷ ᠲᠡᠤᠭᠡ ᠲᠠᠢ᠃ ᠲᠡᠶᠢᠮᠤ ᠤᠴᠢᠷ ᠠᠴᠠ ᠪᠠᠳᠤ ᠶᠢᠨ ᠲᠤᠬᠤᠢ ᠨᠢ ᠦᠤᠰᠢᠨ ᠬᠤᠰᠢᠭᠤᠨ ᠤ | ᠬᠤᠪᠢᠰᠬᠠᠯ ᠤᠨ ᠲᠡᠤᠭᠡᠨ ᠳᠤ ᠴᠢᠬᠤᠯᠠ ᠪᠠᠶᠢᠷᠢ ᠰᠠᠭᠤᠷᠢ ᠲᠠᠢ ᠪᠠᠶᠢᠳᠠᠭ᠃ | 1935 ᠤᠨ ᠤ 5 ᠳ᠋ᠤᠭᠠᠷ ᠰᠠᠷ᠎ᠠ ᠠᠴᠠ 1950 ᠤᠨ ᠤ ᠬᠠᠪᠤᠷ ᠪᠤᠯᠳᠠᠯ᠎ᠠ᠂ ᠪᠠᠳᠤ ᠶᠢᠨ ᠲᠤᠬᠤᠢ ᠶᠢᠨ | ᠡᠷᠤᠭᠡ ᠶᠢᠨ ᠴᠡᠷᠢᠭ ᠡᠪ ᠬᠠᠮᠳᠤ ᠨᠠᠮ ᠤᠨ ᠤᠳᠤᠷᠢᠳᠤᠯᠭ᠎ᠠ ᠪᠠᠷ ᠲᠤᠬᠠᠢ ᠶᠢᠨ ᠭᠠᠵᠠᠷ ᠤᠨ ᠠᠮᠤᠷ ᠢ ᠬᠠᠮᠠᠭᠠᠯᠠᠬᠤ᠂ | ᠲᠠᠶᠢᠰᠤᠨ ᠤ ᠡᠰᠡᠷᠭᠦ ᠵᠡᠪᠰᠡᠭᠳᠤ ᠲᠡᠮᠡᠴᠡᠯ ᠶᠠᠪᠤᠭᠤᠯᠬᠤ᠂ ᠲᠠᠶᠢᠨ ᠤ ᠡᠮᠤᠨ᠎ᠠ ᠹᠷᠤᠨᠲ ᠢ ᠲᠡᠮᠵᠢᠭᠦ᠂ ᠲᠠᠷᠢᠶᠠᠯᠠᠩ | ᠦᠢᠯᠡᠳᠪᠤᠷᠢᠯᠡᠯ ᠳᠤ ᠲᠤᠰᠠᠯᠠᠬᠤ ᠵᠡᠷᠭᠡ ᠤᠯᠠᠨ ᠡᠭᠦᠷᠭᠡ ᠶᠢ ᠬᠦᠢᠴᠡᠳᠭᠡᠵᠤ᠂ ᠲᠡᠭᠡᠷᠡᠮ ᠲᠠᠶᠢᠰᠤᠨ ᠤ | ᠲᠠᠭᠠᠷᠢᠯᠳᠠ ᠶᠢ ᠤᠯᠠᠨ ᠤᠳᠠᠭ᠎ᠠ ᠴᠤᠬᠢᠨ ᠤᠬᠤᠷᠢᠭᠤᠯᠵᠤ᠂ ᠡᠪ ᠬᠠᠮᠳᠤ ᠨᠠᠮ ᠤᠨ ᠤᠳᠤᠷᠢᠳᠤᠭᠰᠠᠨ ᠴᠡᠷᠢᠭ | ᠠᠩᠬᠢ ᠳᠤ ᠮᠠᠰᠢ ᠤᠯᠠᠨ ᠰᠢᠯᠢᠳᠡᠭ ᠪᠠᠶᠢᠯᠳᠤᠭᠴᠢ ᠶᠢ ᠬᠦᠮᠤᠵᠢᠭᠦᠯᠵᠤ ᠦᠭᠭᠦᠭᠰᠡᠨ ᠶᠤᠮ᠃ ᠲᠡᠷᠡ ᠦᠶ᠎ᠠ ᠳᠤ | ᠱᠠᠨᠰᠢ ᠭᠠᠨᠰᠤ ᠨᠢᠩᠰᠢᠶᠠ ᠶᠢᠨ ᠬᠢᠵᠠᠭᠠᠷ ᠤᠷᠤᠨ ᠤ ᠬᠠᠮᠠᠭᠠᠯᠠᠯᠳᠠ ᠶᠢᠨ ᠭᠤᠷᠪᠠᠳᠤᠭᠠᠷ ᠪᠠᠷᠢᠭᠠᠳᠠ᠂ ᠮᠤᠩᠭᠤᠯ | ᠬᠢᠳᠠᠳ ᠮᠤᠷᠢᠳᠤ ᠴᠡᠷᠢᠭ ᠤᠨ ᠫᠠᠷᠲ᠋ᠢᠽᠠᠨ ᠠᠩᠬᠢ᠂ ᠳ᠋ᠢᠩᠪᠢᠶᠠᠨ᠂ ᠵᠢᠩᠪᠢᠶᠠᠨ᠂ ᠠᠨᠪᠢᠶᠠᠨ ᠤ ᠮᠤᠷᠢᠳᠤ ᠴᠡᠷᠢᠭ | ᠪᠠᠳᠤ ᠶᠢᠨ ᠲᠤᠬᠤᠢ ᠳᠤ ᠤᠯᠠᠨ ᠤᠳᠠᠭ᠎ᠠ ᠪᠠᠭᠤᠳᠠᠯᠯᠠᠵᠤ ᠦᠡᠭᠭᠡᠷᠡᠭᠰᠡᠨ ᠲᠡᠮᠳᠡᠭᠯᠡᠯ ᠲᠠᠢ᠃ | | | | | | | 1949 ᠤᠨ ᠤ 9 ᠳ᠋ᠤᠭᠡᠷ ᠰᠠᠷ ᠠ ᠶᠢᠨ 22 ᠤ ᠡᠳᠤᠷ ᠤᠤᠯ ᠤᠨ ᠭᠤᠮᠢᠨᠳᠡᠩ ᠤᠨ ᠦᠤᠰᠢᠨ | ᠬᠤᠰᠢᠭᠤᠨ ᠤ ᠵᠠᠰᠠᠭ ᠤᠨ ᠤᠷᠳᠤᠨ ᠤ ᠵᠠᠰᠠᠭ ᠪᠠᠶᠢᠭᠰᠠᠨ ᠴᠢ ᠢᠤᠢ ᠱᠠᠨ ᠨᠠᠶᠢᠷᠠᠮᠳᠠᠯ ᠢᠶᠠᠷ ᠪᠠᠭᠤᠵᠤ ᠦᠭᠭᠦᠭᠰᠡᠨ | ᠬᠠᠭᠤᠴᠢᠨ ᠴᠡᠷᠢᠭ ᠢᠶᠠᠨ ᠦᠳᠤᠭᠡᠨ ᠤᠷᠪᠠᠯᠭ᠎ᠠ ᠭᠠᠷᠭᠠᠭᠰᠠᠨ ᠢᠶᠠᠷ ᠲᠤᠮᠳᠠᠳᠤ ᠤᠯᠤᠰ ᠤᠨ ᠡᠪ ᠬᠠᠮᠳᠤ ᠨᠠᠮ ᠤᠨ | ᠦᠤᠰᠢᠨ ᠬᠤᠰᠢᠭᠤᠨ ᠤ ᠬᠤᠷᠢᠶ᠎ᠠ ᠪᠤᠯᠤᠨ ᠰᠠᠶ᠋ᠢᠬᠠᠨ ᠪᠠᠶᠢᠭᠤᠯᠤᠭᠳᠠᠭᠰᠠᠨ ᠠᠷᠠᠳ ᠤᠨ ᠵᠠᠰᠠᠭ ᠤᠨ ᠤᠷᠳᠤᠨ | ᠬᠦᠨᠳᠤ ᠨᠤᠴᠢᠳᠠᠢ ᠬᠤᠬᠢᠷᠠᠯ ᠳᠤ ᠤᠴᠠᠷᠠᠵᠤ᠂ ᠨᠠᠮ ᠤᠨ ᠵᠤᠬᠢᠶᠠᠨ ᠪᠠᠶᠢᠭᠤᠯᠤᠯᠳᠠ ᠦᠨᠳᠤᠰᠤᠨ ᠳᠡᠭᠡᠨ | ᠲᠡᠮᠫᠤᠷᠠᠭᠰᠠᠨ ᠪᠠᠶᠢᠨ᠎ᠠ᠃ ᠢᠡᠭᠬᠢᠭᠡᠳ 1949 ᠤᠨ ᠤ ᠨᠠᠮᠤᠷ ᠤᠨ ᠰᠡᠭᠦᠯᠴᠢ ᠪᠠᠷ ᠲᠤᠮᠳᠠᠳᠤ ᠤᠯᠤᠰ ᠤᠨ ᠡᠪ | ᠬᠠᠮᠳᠤ ᠨᠠᠮ ᠤᠨ ᠦᠤᠰᠢᠨ ᠬᠤᠰᠢᠭᠤᠨ ᠤ ᠬᠤᠷᠢᠶ᠎ᠠ ᠲᠠᠬᠢᠨ ᠠᠵᠢᠯ ᠢᠶᠠᠨ ᠰᠡᠷᠭᠦᠭᠡᠵᠤ᠂ 1950 ᠤᠨ ᠤ ᠬᠠᠪᠤᠷ | ᠪᠤᠯᠳᠠᠯ᠎ᠠ ᠪᠠᠳᠤ ᠶᠢᠨ ᠲᠤᠬᠤᠢ ᠳᠤ ᠠᠯᠪᠠᠯᠠᠭᠰᠠᠨ ᠪᠠᠶᠢᠨ᠎ᠠ᠃ | | | | | | | ᠤᠳᠤ ᠰᠢᠨ᠎ᠠ ᠴᠠᠭ ᠦᠶ᠎ᠠ ᠳᠤ ᠲᠠᠪᠰᠢᠨ ᠤᠷᠤᠭᠰᠠᠨ ᠪᠠᠳᠤ ᠶᠢᠨ ᠲᠤᠬᠤᠢ ᠲᠤᠰᠬᠤᠨ ᠤ ᠬᠢᠨ | ᠬᠤᠪᠢᠰᠬᠠᠯ ᠤᠨ ᠦᠪ ᠤᠯᠠᠮᠵᠢᠯᠠᠯ ᠢᠶᠠᠨ ᠪᠠᠳᠠᠷᠠᠭᠤᠯᠵᠤ᠂ ᠪᠠᠳᠤ ᠶᠢᠨ ᠲᠤᠬᠤᠢ ᠶᠢ ᠬᠤᠪᠢᠰᠬᠠᠯᠳᠤ ᠬᠦᠮᠤᠵᠢᠯ ᠤᠨ | ᠰᠠᠭᠤᠷᠢᠨ ᠭᠠᠵᠠᠷ᠂ ᠬᠤᠪᠢᠰᠬᠠᠯ ᠤᠨ ᠰᠡᠳᠤᠪᠳᠤ ᠵᠢᠭᠤᠯᠴᠢᠯᠠᠯ ᠤᠨ ᠤᠷᠤᠨ ᠪᠤᠯᠭᠠᠬᠤ ᠪᠠᠷ ᠲᠦᠰᠤᠪᠯᠡᠨ ᠠᠵᠢᠯᠯᠠᠵᠤ | ᠪᠠᠶᠢᠨ᠎ᠠ᠃ ᠡᠭᠦᠨ ᠤ ᠬᠠᠮᠳᠤ ᠠᠮᠢ ᠠᠬᠤᠢ ᠶᠢᠨ ᠠᠶᠠᠯᠠᠯ ᠵᠢᠭᠤᠯᠴᠢᠯᠠᠯ ᠢ ᠡᠷᠴᠢᠮᠳᠠᠢ ᠬᠦᠭᠵᠢᠭᠦᠯᠵᠤ᠂ ᠰᠢᠷᠬᠤᠰᠤᠨ | ᠭᠤᠤᠯ ᠤᠨ ᠵᠢᠭᠤᠯᠴᠢᠯᠠᠯ ᠤᠨ ᠤᠷᠤᠨ ᠤ ᠡᠬᠢ ᠪᠠᠶᠠᠯᠢᠭ ᠢ ᠬᠦᠢᠴᠡᠳ ᠠᠰᠢᠭᠯᠠᠨ᠂ ᠬᠦᠳᠡᠭᠡ ᠠᠶᠢᠯ ᠤᠨ ᠠᠮᠠᠷᠠᠯᠳᠠ | ᠰᠡᠯᠡᠭᠦᠴᠡᠯ ᠤᠨ ᠭᠠᠵᠠᠷ᠂ ᠬᠤᠨᠤᠭ ᠪᠠᠭᠤᠳᠠᠯ᠂ ᠬᠤᠭᠤᠯᠠᠨ ᠤ ᠭᠠᠵᠠᠷ᠂ ᠤᠰᠤᠨ ᠲᠡᠭᠡᠷᠡᠬᠢ ᠨᠠᠭᠠᠳᠤᠮ ᠴᠡᠩᠭᠡᠭᠦᠨ | ᠵᠡᠷᠭᠡ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠢ ᠬᠦᠭᠵᠢᠭᠦᠯᠤᠨ ᠠᠷᠠᠳ ᠤᠯᠠᠨ ᠤ ᠠᠰᠢᠭ ᠤᠷᠤᠯᠭ᠎ᠠ ᠶᠢ | ᠨᠡᠮᠡᠭᠳᠡᠭᠦᠯᠵᠤ ᠪᠠᠶᠢᠨ᠎ᠠ᠃ ᠰᠢᠷᠬᠤᠰᠤᠨ ᠭᠤᠤᠯ ᠤᠨ ᠵᠢᠭᠤᠯᠴᠢᠯᠠᠯ ᠤᠨ ᠤᠷᠤᠨ ᠤ ᠤᠢᠢᠷᠠᠯᠴᠠᠭ᠎ᠠ ᠬᠤᠨᠤᠭ ᠪᠠᠭᠤᠳᠠᠯ᠂ | ᠬᠤᠭᠤᠯᠠᠨ ᠭᠡᠷ ᠡᠷᠬᠢᠯᠡᠵᠤ ᠪᠠᠶᠢᠭ᠎ᠠ ᠱᠤᠤ ᠬᠤᠸᠠ ᠬᠤᠸᠠ ᠵᠢᠯ ᠳᠡᠭᠡᠨ ᠪᠠᠷᠤᠭ 100 ᠲᠦᠮᠡᠨ ᠲᠦᠭᠦᠷᠢᠭ ᠤᠨ | ᠠᠰᠢᠭ ᠤᠷᠤᠯᠭ᠎ᠠ ᠤᠯᠳᠠᠭ᠃ ᠲᠡᠷᠡᠪᠡᠷ ︽ᠤᠳᠤ ᠮᠠᠨ ᠤ ᠨᠤᠳᠤᠭ ᠤᠨ ᠠᠮᠢ ᠠᠬᠤᠢ ᠪᠠᠶᠢᠭᠠᠯᠢ ᠤᠷᠴᠢᠨ ᠶᠠᠪᠤᠬᠤ | ᠲᠤᠳᠤᠮ ᠰᠠᠶᠢᠵᠢᠷᠠᠭᠰᠠᠨ ᠢᠶᠠᠷ ᠵᠢᠭᠤᠯᠴᠢᠯᠠᠵᠤ ᠢᠷᠡᠭᠦ ᠬᠦᠮᠤᠨ ᠴᠤ ᠤᠯᠠᠰᠢᠷᠠᠵᠤ᠂ ᠠᠷᠠᠯᠵᠢᠶ᠎ᠠ ᠮᠠᠶᠢᠮᠠᠢ᠂ ᠠᠵᠤ | ᠠᠮᠢᠳᠤᠷᠠᠯ ᠴᠤ ᠡᠳᠤᠷ ᠠᠴᠠ ᠡᠳᠤᠷ ᠦᠭᠡᠳᠡᠯᠡᠵᠤ᠂ ᠬᠤᠶᠢᠰᠢᠳᠠ ᠨᠡᠩ ᠰᠠᠶᠢᠨ ᠰᠠᠶᠢᠬᠠᠨ ᠪᠤᠯᠤᠨ᠎ᠠ ᠭᠡᠳᠡᠭ ᠲᠤ | ᠢᠳᠡᠭᠡᠯ ᠲᠠᠢ ᠪᠠᠶᠢᠨ᠎ᠠ︾ ᠭᠡᠯ᠎ᠠ᠃ | ᠬᠤᠪᠢᠰᠬᠠᠯ ᠤᠨ ᠬᠠᠭᠤᠴᠢ ᠦᠯᠡᠳᠡᠭᠳᠡᠯ᠂ ᠤᠰᠤ ᠨᠤᠳᠤᠭ ᠤᠨ ᠦᠡᠭᠭᠡ ᠪᠦᠷᠢᠳᠦᠭᠰᠡᠨ ᠪᠠᠳᠤ ᠶᠢᠨ ᠲᠤᠬᠤᠢ | ᠲᠤᠰᠬᠤᠨ ᠤᠳᠤ ᠬᠦᠳᠡᠭᠡ ᠲᠤᠰᠬᠤᠨ ᠢ ᠬᠦᠭᠵᠢᠭᠦᠯᠭᠦ ᠪᠠᠶᠢᠯᠳᠤᠬᠤ ᠪᠤᠳᠤᠯᠭ᠎ᠠ ᠶᠢ ᠡᠷᠴᠢᠮᠳᠠᠢ ᠭᠡᠷᠡᠭᠵᠢᠭᠦᠯᠵᠤ᠂ ︽ | ᠪᠦᠬᠦ ᠤᠯᠤᠰ ᠤᠨ ᠬᠦᠳᠡᠭᠡ ᠲᠤᠰᠬᠤᠨ ᠤ ᠠᠶᠠᠯᠠᠯ ᠵᠢᠭᠤᠯᠴᠢᠯᠠᠯ ᠤᠨ ᠭᠤᠤᠯᠳᠠᠯᠭ᠎ᠠ ᠲᠠᠢ ᠭᠠᠴᠠᠭ᠎ᠠ ᠲᠤᠰᠬᠤᠨ ᠤ | ᠨᠡᠷᠡᠰ︾ ᠲᠤ ᠵᠢᠭᠰᠠᠭᠠᠭᠳᠠᠵᠤ᠂ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠠᠮᠵᠢᠯᠳᠠ | ᠲᠦᠭᠦᠷᠡᠩ᠂ ᠤᠳᠬ᠎ᠠ ᠲᠡᠭᠦᠯᠳᠡᠷ ᠤᠭᠳᠤᠵᠤ ᠪᠠᠶᠢᠨ᠎ᠠ᠃ |