︽ᠦᠢᠯᠡᠰᠴᠢ ᠬᠦᠮᠦᠨ ᠤ ᠬᠡᠶᠢᠮᠤᠷᠢ ᠥᠭᠡᠳᠡ ᠪᠠᠨ︾ ᠵᠠᠯᠠᠭᠤ ᠦᠢᠯᠡᠰᠴᠢ ᠤᠷᠠᠨ ᠵᠢᠷᠤᠭᠴᠢᠨ ᠪᠦᠬᠡ ᠶᠠᠳᠠᠭᠤ ᠬᠦᠴᠢᠷᠳᠡᠯᠲᠡᠢ ᠰᠤᠷᠤᠭᠴᠢᠳ ᠤᠨ ᠵᠢᠷᠤᠭ ᠰᠤᠷᠬᠤ ᠬᠦᠰᠡᠯ ᠢ ᠲᠡᠷᠭᠡᠯᠰᠢᠭᠦᠯᠵᠣ ᠪᠠᠶᠢᠨ᠎ᠠ
ᠨᠡᠶᠢᠲᠡᠯᠡᠭᠰᠡᠨ ᠴᠠᠭ᠄
2019-07-19
    ᠮᠠᠨ ᠤ ᠬᠤᠰᠢᠭᠤᠨ ᠤ ᠰᠦᠯᠳᠡ ᠰᠤᠮᠤ ᠪᠠᠷ ᠨᠤᠲᠤᠭᠲᠠᠢ ᠵᠠᠯᠠᠭᠤ ᠦᠢᠯᠡᠰᠴᠢ᠂ ᠤᠷᠠᠨ ᠵᠢᠷᠤᠭᠴᠢᠨ ᠪᠦᠬᠡ 2015 ᠤᠨ ᠳᠤ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠤᠷᠠᠨ ᠵᠢᠷᠤᠭ ᠤᠨ ᠰᠠᠯᠪᠤᠷᠢ ᠠᠴᠠ ᠲᠡᠭᠦᠰᠴᠦ ᠨᠤᠲᠤᠭ ᠲᠤ ᠪᠠᠨ ᠬᠠᠷᠢᠵᠤ ᠶᠠᠭᠤ ᠨᠢᠭᠡ ᠶᠢ ᠪᠦᠲᠦᠭᠡᠶ᠎ᠡ ᠬᠡᠮᠡᠨ 2018 ᠤᠨ ᠤ 6 ᠰᠠᠷ᠎ᠠ ᠳᠤ ᠭᠠᠯᠠᠭᠤᠲᠤ ᠪᠠᠯᠭᠠᠰᠤᠨ ᠳᠤ ︽ᠪᠤᠳᠤᠭ︾ ᠤᠷᠠᠨ ᠵᠢᠷᠤᠭ ᠤᠨ ᠠᠵᠢᠯᠯᠠᠬᠤ ᠦᠷᠦᠭᠡ ᠪᠠᠨ ᠨᠡᠭᠡᠭᠡᠭᠰᠡᠨ ᠪᠠᠶᠢᠨ᠎ᠠ  ᠃    ᠵᠠᠯᠠᠭᠤ ᠦᠢᠯᠡᠰᠴᠢ᠂ ᠤᠷᠠᠨ ᠵᠢᠷᠤᠭᠴᠢᠨ ᠪᠦᠬᠡ ᠤᠳᠤᠬᠠᠨ ᠳᠤ 4 -18 ᠨᠠᠰᠤᠨ ᠤ ᠬᠤᠭᠤᠷᠤᠨᠳᠡᠬᠢ ᠬᠡᠤᠬᠡᠳ ᠤᠨ᠂ ᠴᠡᠴᠡᠷᠯᠢᠭ ᠪᠠᠭ᠎ᠠ ᠰᠤᠷᠭᠠᠭᠤᠯᠢ᠂ ᠳᠤᠮᠳᠠᠳᠤ ᠰᠤᠷᠭᠠᠭᠤᠯᠢ ᠠᠴᠠ ᠢᠷᠡᠭᠰᠡᠨ 80 ᠨᠠᠷᠠᠰ ᠣᠷᠠᠨ ᠵᠢᠷᠤᠭ ᠲᠤ ᠪᠠᠨ ᠠᠪᠢᠶᠠᠰ ᠲᠠᠢ᠂ ᠪᠠᠭ᠋ᠠᠲᠠᠢ ᠰᠤᠷᠤᠭᠴᠢ ᠳᠤ ᠭᠠᠷᠠᠭ ᠤᠨ ᠵᠢᠷᠭᠤᠭᠠᠨ᠂ ᠭᠠᠷᠠᠭ ᠤᠨ ᠡᠳᠦᠷ ᠠᠮᠠᠷᠠᠯᠳᠠ ᠶᠢ ᠳᠣᠬᠢᠶᠠᠯᠳᠣᠭᠤᠯᠣᠨ ᠣᠷᠠᠨ ᠵᠢᠷᠤᠭ ᠤᠨ ᠬᠢᠴᠢᠶᠠᠯᠯᠡᠭᠡ ᠬᠢᠵᠣ ᠪᠠᠶᠢᠨ᠎ᠠ᠃ ᠳᠣᠰ ᠣᠷᠠᠨ ᠵᠢᠷᠤᠭ ᠤᠨ ᠠᠩᠬᠢ ᠳᠤ ᠰᠣᠷᠣᠯᠴᠠᠵᠣ ᠪᠠᠶᠢᠭ᠎ᠠ 4 ᠪᠠᠭ᠎ᠠ ᠰᠤᠷᠭᠠᠭᠤᠯᠢ ᠶᠢᠨ 40 ᠨᠡᠷ᠎ᠡ ᠬᠠᠮᠤᠭ ᠨᠠᠭᠠᠳᠣ ᠵᠠᠬ᠎ᠠ ᠶᠢᠨ ᠠᠮᠢᠳᠣᠷᠠᠯ  ᠤᠨ ᠪᠠᠲᠤᠯᠠᠭᠠᠲᠤ ᠡᠷᠦᠬᠡ᠂ ᠠᠵᠤ ᠠᠮᠢᠳᠣᠷᠠᠯ ᠬᠦᠴᠢᠷᠳᠡᠯᠲᠡᠢ ᠠᠶᠢᠯ ᠡᠷᠦᠬᠡ ᠶᠢᠨ ᠬᠡᠤᠬᠡᠳ ᠲᠤ ᠰᠤᠷᠤᠯᠭ᠎ᠠ ᠶᠢᠨ ᠮᠠᠲ᠋ᠧᠷᠢᠶᠠᠯ ᠠᠴᠠ ᠡᠬᠢᠯᠡᠭᠡᠳ ᠰᠣᠷᠣᠯᠴᠠᠬᠤ ᠣᠷᠴᠢᠨ ᠳᠣᠭᠤᠷᠢᠨ ᠢ ᠦᠨ᠎ᠡ ᠲᠥᠯᠥᠪᠣᠷᠢ ᠦᠬᠡᠢ ᠪᠠᠷ ᠬᠠᠩᠭᠠᠬᠤ  ᠶᠢᠨ ᠬᠠᠮᠳᠣ ᠰᠤᠷᠤᠯᠴᠠᠬᠤ ᠰᠦᠢᠳᠭᠡᠯ ᠬᠤᠷᠢᠶᠠᠬᠤ ᠦᠬᠡᠢ   ᠪᠠᠷ ᠬᠢᠴᠢᠶᠠᠯᠯᠠᠨ ᠨᠡᠶᠢᠭᠡᠮ ᠨᠡᠶᠢᠲᠡ ᠶᠢᠨ ᠬᠠᠯᠠᠭᠤᠨ ᠬᠦᠷᠢᠶᠡᠯᠡᠯ ᠢ ᠣᠯᠵᠣ ᠣᠯᠠᠨ ᠳᠠᠶᠠᠭᠠᠷ ᠲᠤ ᠵᠥᠪ ᠡᠨᠧᠷᠭᠢ ᠳᠠᠮᠵᠢᠭᠤᠯᠵᠤ ᠪᠠᠶᠢᠨ᠎ᠠ᠃ ︽ᠴᠢᠷᠮᠠᠶᠢᠯᠭ᠎ᠠ ᠬᠦᠮᠦᠨ ᠢ ᠬᠦᠰᠡᠷᠳᠡᠬᠦᠯᠬᠦ ᠦᠬᠡᠢ︾ ᠭᠡᠳᠡᠭᠴᠢᠯᠡᠨ ᠡᠳᠡᠬᠡᠷ ᠰᠤᠷᠤᠭᠴᠢᠳ ᠤᠷᠤᠨ᠂ ᠬᠤᠲᠠ᠂ ᠬᠤᠰᠢᠭᠤ ᠳᠡᠰ ᠤᠨ ᠤᠷᠤᠯᠳᠤᠭᠠᠨ ᠳᠤ ᠢᠳᠡᠪᠬᠢᠳᠡᠢ ᠤᠷᠤᠯᠴᠠᠨ ᠤᠯᠠᠨ ᠠᠷᠪᠢᠨ ᠱᠠᠩᠨᠠᠯ ᠭᠦᠬᠢᠭᠦᠯᠦᠯ ᠬᠦᠷᠲᠡᠭᠰᠡᠨ ᠪᠠᠶᠢᠨ᠎ᠠ᠃   ᠵᠠᠯᠠᠭᠤ ᠦᠢᠯᠡᠰᠴᠢ᠂ ᠤᠷᠠᠨ ᠵᠢᠷᠤᠭᠴᠢᠨ ᠪᠦᠬᠡ ᠥᠷᠭᠦᠯᠵᠢᠯᠡᠨ ᠶᠠᠳᠠᠭᠤ ᠬᠦᠴᠢᠷᠳᠡᠯᠲᠡᠢ ᠠᠶᠢᠯ ᠡᠷᠦᠬᠡ ᠶᠢᠨ ᠬᠡᠦᠬᠡᠳ ᠤᠳ ᠢ ᠲᠡᠳᠭᠦᠨ ᠳᠡᠮᠵᠢᠵᠦ᠂ ᠨᠡᠩ ᠣᠯᠠᠨ  ᠰᠤᠷᠤᠭᠴᠢ ᠶᠢᠨ ᠵᠢᠷᠤᠭ ᠰᠤᠷᠬᠤ ᠬᠦᠰᠡᠯ ᠢ ᠨᠢ ᠲᠡᠷᠭᠡᠯᠰᠢᠭᠦᠯᠵᠦ ᠨᠡᠶᠢᠭᠡᠮ ᠨᠡᠶᠢᠲᠡ ᠳᠤ ᠰᠢᠯᠢᠳᠡᠭ ᠴᠢᠳᠠᠪᠤᠷᠢᠲᠠᠨ ᠢ ᠬᠦᠮᠦᠵᠢᠭᠦᠯᠬᠦ ᠪᠠᠷ ᠴᠢᠷᠮᠠᠶᠢᠨ ᠠᠵᠢᠯᠯᠠᠵᠤ ᠪᠤᠢ᠃        
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号