ᠦᠷᠤᠪᠴᠢᠬᠡᠨ ᠬᠠᠶᠢᠷ᠎ᠠ ᠪᠠᠨ ᠨᠤᠳᠤᠭ ᠤᠨ ᠲᠦᠮᠡᠨ ᠳᠡᠭᠡᠨ ᠡᠷᠬᠦᠵᠣ ᠶᠠᠪᠤᠭ᠎ᠠ ᠵᠢᠷᠭᠠᠯᠳᠠᠯᠠᠢ
ᠨᠡᠶᠢᠲᠡᠯᠡᠭᠰᠡᠨ ᠴᠠᠭ᠄
2019-07-19
      ᠦᠥᠰᠢᠨᠵᠤᠤ ᠪᠠᠯᠭᠠᠰᠤᠨ ᠤ ᠴᠠᠭᠠᠠᠰᠦ᠋ᠮ᠎ᠠ ᠭᠠᠴᠠᠭᠠᠨ ᠤ ᠮᠠᠯᠴᠢᠨ ᠵᠢᠷᠭᠠᠯᠳᠠᠯᠠᠢ ᠦᠪᠡᠷ ᠤᠨ ᠢᠶᠠᠨ ᠪᠤᠳᠠᠳᠤ ᠦᠢᠯᠡ ᠠᠵᠢᠯᠯᠠᠭ᠎ᠠ ᠪᠠᠷ ᠢᠶᠠᠨ ᠨᠤᠳᠤᠭ ᠤᠨ ᠲᠦᠮᠡᠨ ᠳᠡᠭᠡᠨ ᠬᠦᠷᠢᠶᠠᠯᠠᠯᠳᠠᠢ ᠶᠠᠪᠤᠵᠤ ᠪᠠᠶᠢᠨ᠎ᠠ᠃ ᠭᠠᠴᠠᠭᠠᠨ ᠤ ᠪᠠᠨ ᠡᠪᠡᠳᠴᠢᠨ ᠵᠤᠪᠠᠯᠠᠩ ᠳᠤ ᠨᠡᠷᠪᠡᠭᠳᠡᠭᠰᠡᠨ᠂ ᠠᠮᠢᠳᠤᠷᠠᠯ ᠬᠦᠴᠢᠷᠳᠡᠯᠳᠡᠢ᠂ ᠤᠶᠤᠳᠠᠨ ᠵᠠᠯᠠᠭᠤᠰ ᠵᠡᠷᠬᠡ ᠶᠢ ᠴᠢᠳᠠᠬᠤ  ᠶᠢᠨ ᠢᠶᠠᠨ ᠬᠢᠷᠢ ᠪᠠᠷ ᠲᠤᠰᠠᠯᠠᠵᠤ ᠶᠠᠪᠤᠳᠠᠭ ᠨᠢ ᠵᠢᠷᠭᠠᠯᠳᠠᠯᠠᠢ ᠶᠢᠨ ᠪᠠᠷᠢᠮᠳᠠᠯᠠᠯ ᠪᠠᠶᠢᠵᠠᠢ᠃ ᠵᠢᠷᠭᠠᠯᠳᠠᠯᠠᠢ ᠤᠤᠯ ᠨᠢ ᠴᠦ ᠠᠮᠢᠳᠤᠷᠠᠯ ᠬᠦᠴᠢᠷᠳᠡᠯᠳᠡᠢ ᠪᠠᠶᠢᠭᠰᠠᠨ ᠮᠦᠷᠳᠡᠬᠡᠨ ᠦᠷ᠎ᠡ ᠶᠢᠨ ᠭᠠᠭᠴᠠ ᠬᠡᠥᠬᠡᠨ ᠨᠢ ᠡᠪᠡᠳᠴᠢᠨ ᠵᠤᠪᠠᠯᠠᠩ ᠳᠤ ᠪᠠᠷᠢᠭᠳᠠᠵᠤ ᠭᠠᠷ ᠨᠤᠬᠤᠯᠠᠨ ᠭᠠᠴᠢᠭᠳᠠᠵᠤ ᠪᠠᠶᠢᠬᠤ ᠦᠶ᠎ᠡ ᠳᠤ ᠬᠠᠮᠳᠤ ᠰᠤᠷᠤᠯᠭᠠᠳᠠᠨ ᠤ ᠪᠠᠨ ᠬᠠᠯᠠᠭᠤᠨ ᠲᠡᠮᠵᠢᠯᠬᠡ  ᠶᠢ ᠬᠦᠷᠳᠡᠵᠤ ᠵᠤᠪᠠᠯᠠᠩ ᠢ ᠵᠤᠷᠢᠭᠳᠠᠢ ᠲᠤᠭᠤᠯᠵᠤ ᠴᠢᠳᠠᠭᠰᠠᠨ ᠦᠩᠬᠡᠷᠡᠯᠳᠡ ᠲᠠᠢ᠃ ᠵᠢᠷᠭᠠᠯᠳᠠᠯᠠᠢ ᠲᠡᠷᠡ ᠴᠠᠭ  ᠠᠴᠠ ᠬᠤᠵᠢᠮ ᠤᠨ ᠡᠳᠦᠷ ᠬᠡᠷᠪᠡ ᠠᠮᠢᠳᠤᠷᠠᠯ ᠴᠢᠨᠡᠬᠡᠯᠢᠭᠵᠢᠬᠦ ᠳᠤ ᠬᠦᠷᠪᠡᠯ ᠵᠤᠪᠠᠵᠤ ᠵᠦᠳᠡᠷᠡᠭᠰᠡᠳ ᠢ ᠲᠤᠰᠠᠯᠠᠵᠤ ᠨᠡᠶᠢᠬᠡᠮ ᠳᠤ ᠬᠠᠶᠢᠷ᠎ᠠ ᠬᠠᠯᠠᠮᠵᠢ ᠪᠠᠨ ᠡᠷᠬᠦᠨ᠎ᠡ ᠬᠡᠵᠤ ᠲᠠᠰᠤ ᠰᠢᠭᠤᠳᠤᠭᠰᠠᠨ ᠪᠠᠶᠢᠵᠠᠢ᠃ ᠡᠨᠡᠬᠦ ᠵᠤᠷᠢᠯᠳᠠ ᠪᠠᠷ ᠢᠶᠠᠨ ᠲᠡᠷᠡ 2017 ᠤᠨ ᠠᠴᠠ ᠭᠠᠴᠠᠭᠠᠨ ᠤ ᠪᠠᠨ ᠬᠦᠴᠢᠷᠳᠡᠯᠳᠡᠢ ᠤᠯᠠᠨ ᠲᠦᠮᠡᠨ ᠢ ᠲᠤᠰᠠᠯᠠᠬᠤ ᠠᠵᠢᠯᠯᠠᠭ᠎ᠠ ᠪᠠᠨ ᠡᠬᠢᠯᠡᠬᠦᠯᠵᠡᠢ᠃       ᠬᠤᠪᠢ ᠶᠢᠨ ᠠᠰᠢᠭ ᠳᠣᠰᠠ ᠪᠠᠨ ᠣᠮᠠᠷᠳᠠᠨ ᠦᠷᠦᠬᠡᠯ ᠤᠨ ᠲᠥᠯᠥᠬᠡ ᠴᠢᠷᠮᠠᠶᠢᠵᠣ ᠵᠢᠳᠬᠦᠬᠦ ᠪᠠᠷ ᠠᠵᠠ ᠵᠢᠷᠭᠠᠯ ᠢᠶᠠᠨ ᠪᠣᠯᠭᠠᠳᠠᠭ ᠵᠢᠷᠭᠠᠯᠳᠠᠯᠠᠢ ᠨᠦᠬᠦᠷ ᠤᠳᠤ ᠪᠤᠯᠳᠠᠯ᠎ᠠ ᠠᠮᠢᠳᠤᠷᠠᠯ ᠬᠦᠴᠢᠷᠳᠡᠯᠳᠡᠢ ᠶᠡᠭᠡ ᠰᠤᠷᠭᠠᠭᠤᠯᠢ ᠶᠢᠨ ᠤᠶᠤᠳᠠᠨ᠂ ᠠᠬᠠᠨ ᠲᠡᠬᠦᠤᠰ᠂ ᠠᠶᠢᠯ ᠵᠡᠷᠬᠡᠯᠡᠳᠡᠭᠡ ᠬᠡᠳ ᠲᠡᠮᠵᠢᠯᠬᠡ ᠴᠢᠬᠤᠯᠠᠳᠠᠢ ᠬᠦᠮᠦᠰ ᠲᠤ ᠨᠡᠶᠢᠳᠡ ᠲᠦᠴᠢ ᠭᠠᠷᠦᠢ ᠲᠦᠮᠡᠨ ᠲᠦᠬᠦᠷᠢᠭ ᠤᠨ ᠬᠠᠨᠳᠢᠪ ᠡᠷᠬᠦᠵᠡᠢ᠃
 
ᠢᠷᠡᠯᠲᠡ᠄ ᠦᠣᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号