ᠤᠯᠤᠰ ᠤᠨ ᠲᠡᠷᠢᠭᠦᠯᠡᠭᠴᠢ ᠰᠢ ᠶᠢᠨ ᠫᠢᠩ 29 ᠤ ᠡᠲᠦᠷ ᠤᠨᠴᠠ ᠠᠭᠤᠴᠢᠯᠠᠯ ᠤᠨ ᠵᠠᠷᠯᠢᠭ ᠲᠤ ᠭᠠᠷ ᠤᠨ | ᠦᠰᠦᠭ ᠵᠢᠷᠤᠵᠦ ᠨᠡᠶᠢᠲᠡᠯᠡᠪᠡ᠂ ᠠᠷᠪᠠᠠ ᠭᠤᠷᠪᠠᠲᠤᠭᠠᠷ ᠬᠤᠭᠤᠴᠠᠭᠠᠠ ᠤ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠠ ᠨᠢᠭᠡᠲᠦᠭᠡᠷ ᠬᠤᠷᠠᠯ ᠠᠴᠠ 29 ᠤ | ᠡᠲᠦᠷ ᠪᠠᠲᠤᠯᠠᠭᠰᠠᠠ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠪᠠᠶᠢᠭᠤᠯᠤᠭᠲᠠᠭᠰᠠᠠ ᠲᠠᠯ᠎ᠠᠠ ᠵᠢᠯ ᠤᠨ | ᠤᠢ ᠶᠢᠨ ᠲᠠᠰᠢᠷᠠᠮ ᠳᠤ ᠨᠢᠭᠡ ᠪᠦᠯᠦᠭ ᠡᠷᠡᠭᠦᠤ ᠭᠦᠢᠴᠡᠳᠭᠡᠵᠤ ᠪᠠᠶᠢᠭ᠎ᠠ ᠶᠠᠯᠠᠳᠡᠨ ᠳᠤ ᠤᠨᠴᠠ ᠠᠭᠤᠴᠢᠯᠠᠯ | ᠬᠦᠷᠳᠡᠭᠡᠬᠦ ᠲᠤᠬᠠᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶᠠᠨ ᠤ ᠲᠤᠭᠲᠠᠭᠠᠯ ᠢ ᠦᠨᠲᠦᠰᠦᠯᠡᠵᠦ᠂ ᠶᠢᠰᠦᠨ ᠲᠦᠷᠦᠯ ᠤᠨ ᠡᠷᠡᠭᠦᠤ ᠭᠦᠢᠴᠡᠳᠭᠡᠵᠤ ᠪᠠᠶᠢᠭ᠎ᠠ ᠶᠠᠯᠠᠳᠡᠨ ᠳᠤ | ᠤᠨᠴᠠ ᠠᠭᠤᠴᠢᠯᠠᠯ ᠬᠦᠷᠳᠡᠭᠡᠬᠦ ᠪᠠᠷ ᠪᠤᠯᠵᠠᠢ᠃ | ᠤᠯᠤᠰ ᠤᠨ ᠲᠡᠷᠢᠭᠦᠯᠡᠭᠴᠢ ᠶᠢᠨ ᠤᠨᠴᠠ ᠠᠭᠤᠴᠢᠯᠠᠯ ᠤᠨ ᠵᠠᠷᠯᠢᠭ ᠢ ᠦᠨᠲᠦᠰᠦᠯᠡᠪᠡᠯ᠂ 2019 ᠤᠨ ᠤ 1 | ᠰᠠᠷ᠎ᠠ ᠶᠢᠨ 1 ᠤ ᠡᠲᠦᠷ ᠠᠴᠠ ᠡᠮᠦᠨ᠎ᠠ ᠠᠷᠠᠳ ᠤᠨ ᠰᠢᠭᠦᠬᠦ ᠬᠤᠷᠢᠶ᠎ᠠ ᠠᠴᠠ ᠲᠤᠭᠲᠠᠭᠠᠭᠰᠠᠠ ᠬᠦᠴᠤᠨ ᠲᠠᠢ ᠰᠢᠭᠦᠨ | ᠲᠠᠰᠤᠯᠤᠯᠲᠠ ᠶᠢ ᠦᠨᠲᠦᠰᠦᠯᠡᠡ᠂ ᠡᠷᠡᠭᠦᠦ ᠭᠦᠢᠴᠡᠳᠭᠡᠵᠤ ᠪᠠᠶᠢᠭ᠎ᠠ ᠶᠢᠰᠦᠨ ᠲᠦᠷᠦᠯ ᠤᠨ ᠶᠠᠯᠠᠳᠡᠨ ᠳᠤ ᠤᠨᠴᠠ | ᠠᠭᠤᠴᠢᠯᠠᠯ ᠬᠦᠷᠳᠡᠭᠡᠨ᠎ᠡ᠄ ᠨᠢᠭᠡ ᠳᠤ᠂ ᠲᠤᠮᠲᠠᠲᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ᠂ | ᠲᠤᠮᠲᠠᠲᠤ ᠤᠯᠤᠰ ᠤᠨ ᠠᠷᠠᠳ ᠤᠨ ᠴᠢᠯᠦᠭᠡᠯᠡᠬᠦ ᠲᠠᠶᠢᠨ ᠳᠤ ᠤᠷᠤᠯᠴᠠᠵᠦ ᠦᠩᠭᠡᠷᠡᠭᠰᠡᠡ︔ ᠬᠤᠶᠠᠷ ᠲᠤ᠂ | ᠪᠦᠬᠦᠲᠠ ᠨᠠᠶᠢᠷᠠᠮᠲᠠᠬᠤ ᠲᠤᠮᠲᠠᠲᠤ ᠠᠷᠠᠳ ᠪᠠᠶᠢᠭᠤᠯᠤᠭᠲᠠᠬᠰᠠᠠ ᠤ ᠲᠠᠷᠠᠭ᠎ᠠ᠂ ᠤᠯᠤᠰ ᠤᠨ ᠡᠷᠭᠡ ᠮᠡᠲᠡᠯ᠂ ᠠᠮᠤᠷ | ᠲᠦᠪᠰᠢᠨ ᠪᠤᠯᠤᠨ ᠨᠤᠲᠤᠭ ᠲᠡᠪᠢᠰᠭᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠶᠢᠨ ᠲᠦᠯᠦᠭᠡ | ᠭᠠᠲᠠᠭᠠᠲᠤ ᠯᠤᠭ᠎ᠠ ᠲᠠᠶᠢᠨ ᠪᠠᠶᠢᠯᠲᠤᠭᠠᠨ ᠬᠢᠵᠦ ᠦᠩᠭᠡᠷᠡᠭᠰᠡᠡ︔ ᠭᠤᠷᠪᠠ ᠳᠤ᠂ ᠪᠦᠬᠦᠲᠠ ᠨᠠᠶᠢᠷᠠᠮᠲᠠᠬᠤ ᠲᠤᠮᠲᠠᠲᠤ | ᠠᠷᠠᠳ ᠤᠯᠤᠰ ᠪᠠᠶᠢᠭᠤᠯᠤᠭᠲᠠᠭᠰᠠᠠ ᠤ ᠲᠠᠷᠠᠭ᠎ᠠ᠂ ᠤᠯᠤᠰ ᠤᠨ ᠴᠢᠬᠤᠯᠡ ᠶᠡᠭᠡ ᠢᠨᠵᠧᠨᠧᠷᠢᠩ ᠤᠨ ᠪᠦᠲᠦᠭᠡᠡ | ᠪᠠᠶᠢᠭᠤᠯᠤᠯᠲᠠ ᠳᠤ ᠨᠡᠯᠢᠶᠡᠳ ᠶᠡᠭᠡ ᠬᠤᠪᠢ ᠨᠡᠮᠡᠷᠢ ᠦᠵᠡᠭᠦᠯᠦᠭᠰᠡᠡ ᠪᠦᠭᠡᠳ ᠮᠤᠵᠢ ᠶᠠᠮᠤᠨ ᠤ ᠲᠡᠰ ᠠᠴᠠ | ᠲᠡᠭᠡᠭᠰᠢᠬᠢ ︽ᠬᠦᠲᠡᠯᠮᠦᠷᠢ ᠶᠢᠨ ᠵᠢᠱᠢᠶᠡᠴᠢ︾᠂ ︽ᠲᠡᠷᠢᠭᠦᠨ ᠤ ᠠᠵᠢᠯᠲᠠᠠ︾᠂ ︽︿5 · 1﹀ ᠤ | ᠬᠦᠲᠡᠯᠮᠦᠷᠢ ᠶᠢᠨ ᠱᠠᠩᠨᠠᠯ ᠤᠨ ᠮᠧᠲᠠᠯ︾ ᠵᠡᠷᠭᠡ ᠢᠷᠠᠭᠤ ᠠᠯᠲᠠᠷ ᠢ ᠬᠦᠷᠳᠡᠭᠰᠡᠨ︔ ᠲᠦᠷᠪᠡ ᠳᠤ᠂ | ᠦᠡᠭᠭᠡᠷᠡᠭᠰᠠᠨ ᠳᠤ ᠠᠯᠪᠠ ᠬᠠᠭᠠᠵᠤ ᠪᠠᠶᠢᠬᠰᠠᠨ ᠴᠡᠷᠢᠭ ᠪᠠᠶᠢᠬᠰᠠᠨ ᠪᠦᠭᠡᠳ ᠬᠤᠪᠢ ᠭᠦᠮᠤᠨ ᠤ ᠨᠢᠭᠡᠳᠤᠭᠡᠷ ᠲᠡᠰ ᠤᠨ | ᠭᠠᠪᠢᠶ᠎ᠠ ᠠᠴᠠ ᠲᠡᠭᠡᠭᠰᠢ ᠱᠠᠩᠨᠠᠯ ᠭᠦᠷᠳᠡᠭᠰᠡᠨ︔ ᠲᠠᠪᠤ ᠳᠤ᠂ ᠬᠠᠮᠠᠭᠠᠯᠠᠯᠳᠠ ᠭᠡᠳᠦᠷᠡᠭᠰᠡᠨ ᠪᠤᠶᠤ ᠠᠶᠤᠯ ᠠᠴᠠ | ᠵᠠᠶᠢᠯᠠᠬᠰᠠᠨ ᠨᠢ ᠭᠡᠳᠤᠷᠡᠭᠰᠠᠨ ᠪᠤᠶᠤ ᠭᠤᠷᠪᠠᠨ ᠵᠢᠯ ᠠᠴᠠ ᠲᠤᠷᠤᠬᠰᠢ ᠬᠤᠭᠤᠴᠠᠭ᠎ᠠ ᠲᠠᠢ ᠬᠤᠷᠢᠬᠤ ᠡᠷᠡᠭᠦᠦ ᠪᠠᠷ | ᠰᠢᠭᠦᠨ ᠲᠠᠰᠤᠯᠤᠬᠰᠠᠨ ᠪᠤᠶᠤ ᠦᠯᠠᠳᠠᠵᠤ ᠪᠠᠶᠢᠭ᠎ᠠ ᠡᠷᠡᠭᠦᠤ ᠶᠢᠨ ᠬᠤᠭᠤᠴᠠᠭ᠎ᠠ ᠨᠢ ᠨᠢᠭᠡ ᠵᠢᠯ ᠠᠴᠠ ᠲᠤᠷᠤᠭᠰᠢ | ᠪᠠᠶᠢᠬᠤ︔ ᠵᠢᠷᠭᠤᠭ᠎ᠠ ᠳᠤ᠂ ᠪᠦᠭᠦᠯᠢ ᠲᠠᠯᠠᠨ ᠲᠠᠪᠤᠨ ᠨᠠᠰᠤ ᠭᠦᠷᠴᠤ᠂ ᠪᠡᠶ᠎ᠡ ᠮᠠᠬᠠᠪᠤᠳ ᠨᠢ ᠬᠦᠨᠳᠤ ᠵᠡᠮᠳᠡᠭᠷᠡᠭᠰᠡᠨ | ᠪᠦᠭᠡᠳ ᠠᠮᠢᠳᠤᠷᠠᠯ ᠳᠠᠭᠠᠨ ᠵᠦᠪ ᠦᠭᠡᠢ ᠪᠤᠯᠤᠬᠰᠠᠨ︔ ᠲᠤᠯᠤᠭ᠎ᠠ ᠳᠤ᠂ ᠶᠠᠯ᠎ᠠ ᠬᠢᠭᠦ ᠦᠶ᠎ᠠ ᠳᠤ ᠪᠦᠭᠦᠯᠢ ᠠᠷᠪᠠᠨ | ᠨᠠᠶᠢᠮᠠᠨ ᠨᠠᠰᠤ ᠭᠦᠷᠤᠭᠡᠳᠤᠢ ᠪᠠᠶᠢᠵᠤ᠂ ᠭᠤᠷᠪᠠᠨ ᠵᠢᠯ ᠠᠴᠠ ᠲᠤᠷᠤᠬᠰᠢ ᠬᠤᠭᠤᠴᠠᠭ᠎ᠠ ᠲᠠᠢ ᠬᠤᠷᠢᠬᠤ ᠡᠷᠡᠭᠦᠦ ᠪᠠᠷ | ᠰᠢᠭᠦᠨ ᠲᠠᠰᠤᠯᠤᠬᠰᠠᠨ ᠪᠤᠶᠤ ᠦᠯᠠᠳᠠᠵᠤ ᠪᠠᠶᠢᠭ᠎ᠠ ᠡᠷᠡᠭᠦᠤ ᠶᠢᠨ ᠬᠤᠭᠤᠴᠠᠭ᠎ᠠ ᠨᠢ ᠨᠢᠭᠡ ᠵᠢᠯ ᠠᠴᠠ ᠲᠤᠷᠤᠭᠰᠢ | ᠪᠠᠶᠢᠬᠤ︔ ᠨᠠᠶᠢᠮᠠ ᠳᠤ᠂ ᠬᠠᠨᠢ ᠨᠦᠬᠦᠷ ᠢᠶᠠᠨ ᠠᠯᠳᠠᠭᠰᠠᠨ ᠪᠦᠭᠡᠳ ᠨᠠᠰᠤᠨ ᠳᠤ ᠭᠦᠷᠤᠭᠡᠳᠤᠢ ᠦᠷ᠎ᠠ ᠭᠡᠤᠭᠡᠳ ᠲᠠᠢ | ᠪᠤᠶᠤ ᠪᠡᠶ᠎ᠠ ᠮᠠᠬᠠᠪᠤᠳ ᠨᠢ ᠭᠦᠨᠳᠤ ᠵᠡᠮᠳᠡᠭᠷᠡᠵᠤ᠂ ᠠᠮᠢᠳᠤᠷᠠᠯ ᠢᠶᠠᠨ ᠦᠪᠡᠷ ᠢᠶᠠᠨ ᠠᠷᠭᠠᠴᠠᠭᠠᠵᠤ ᠲᠡᠶᠢᠯᠭᠦ ᠦᠭᠡᠢ | ᠦᠷ᠎ᠠ ᠭᠡᠤᠭᠡᠳ ᠲᠠᠢ᠂ ᠲᠤᠰ ᠬᠦᠮᠦᠨ ᠦᠨᠡᠨ ᠬᠦ ᠠᠰᠠᠷᠠᠨ ᠲᠡᠵᠢᠭᠡᠬᠦ ᠴᠢᠬᠤᠯᠠ ᠲᠠᠢ ᠡᠮᠡᠭᠳᠠᠢ᠂ ᠭᠤᠷᠪᠠᠨ | ᠵᠢᠯ ᠠᠴᠠ ᠲᠤᠷᠤᠬᠰᠢ ᠬᠤᠭᠤᠴᠠᠭ᠎ᠠ ᠲᠠᠢ ᠬᠤᠷᠢᠬᠤ ᠡᠷᠡᠭᠦᠦ ᠪᠠᠷ ᠰᠢᠭᠦᠨ ᠲᠠᠰᠤᠯᠤᠬᠰᠠᠨ ᠪᠤᠶᠤ ᠦᠯᠡᠳᠡᠵᠤ ᠪᠠᠶᠢᠭ᠎ᠠ | ᠡᠷᠡᠭᠦᠦ ᠶᠢᠨ ᠬᠤᠭᠤᠴᠠᠭ᠎ᠠ ᠨᠢ ᠨᠢᠭᠡ ᠵᠢᠯ ᠠᠴᠠ ᠲᠤᠷᠤᠬᠰᠢ ᠪᠠᠶᠢᠬᠤ︔ ᠶᠢᠰᠤ ᠳᠤ᠂ ᠲᠡᠩᠰᠠᠨ ᠰᠤᠯᠠᠯᠠᠬᠤ ᠪᠠᠷ | ᠲᠤᠭᠳᠠᠭᠠᠭᠳᠠᠵᠤ ᠨᠢᠭᠡᠨᠳᠠ ᠲᠠᠪᠤᠨ ᠤ ᠨᠢᠭᠡ ᠠᠴᠠ ᠲᠡᠭᠡᠭᠰᠢ ᠲᠡᠩᠰᠠᠨ ᠰᠤᠯᠠᠯᠠᠬᠤ ᠬᠢᠨᠠᠨ ᠰᠢᠯᠭᠠᠯᠳᠠ ᠶᠢᠨ | ᠬᠤᠭᠤᠴᠠᠭ᠎ᠠ ᠦᠡᠭᠭᠡᠷᠡᠭᠰᠠᠨ ᠪᠤᠶᠤ ᠵᠠᠬᠢᠷᠤᠨ ᠬᠠᠮᠢᠶᠠᠷᠬᠤ ᠪᠠᠷ ᠰᠢᠭᠦᠨ ᠲᠠᠰᠤᠯᠤᠬᠰᠠᠨ᠃ | ᠤᠯᠤᠰ ᠤᠨ ᠲᠡᠷᠢᠭᠦᠯᠡᠭᠴᠢ ᠶᠢᠨ ᠤᠨᠴᠠ ᠠᠭᠤᠴᠢᠯᠠᠯ ᠤᠨ ᠵᠠᠷᠯᠢᠭ ᠲᠤ᠂ ᠲᠡᠭᠡᠷ᠎ᠡ ᠲᠤᠷᠠᠳᠤᠬᠰᠠᠨ ᠶᠢᠰᠦᠨ | ᠲᠦᠷᠤᠯ ᠤᠨ ᠡᠳᠡᠭᠡᠳ ᠲᠤ᠂ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠤᠨᠴᠠ ᠠᠭᠤᠴᠢᠯᠠᠯ ᠬᠦᠷᠳᠡᠭᠡᠵᠤ | ᠪᠤᠯᠬᠤ ᠦᠭᠡᠢ ᠭᠡᠵᠤ ᠲᠤᠳᠤᠷᠬᠠᠶᠢᠯᠠᠪᠠ᠄ ᠨᠢᠭᠡ ᠳᠤ᠂ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ᠂ | ᠳᠤᠯᠤᠳᠤᠭᠠᠷ᠂ ᠨᠠᠢᠮᠠᠳᠤᠭᠠᠷ᠂ ᠶᠢᠰᠦᠳᠦᠭᠡᠷ ᠲᠦᠷᠦᠯ ᠤᠨ ᠡᠲᠡᠭᠡᠳ ᠲᠠᠬᠢ ᠱᠠᠮᠰᠢᠵᠤ ᠬᠠᠭ᠋ᠤᠤᠯᠢ ᠢᠳᠡᠭᠰᠡᠨ ᠶᠠᠯ᠎ᠠ | ᠬᠢᠭᠰᠡᠨ᠂ ᠴᠡᠷᠢᠭ ᠤᠨ ᠬᠦᠮᠦᠨ ᠲᠤᠰᠢᠶᠠᠯ ᠬᠠᠷᠢᠭᠤᠴᠠᠯᠭ᠎ᠠ ᠪᠠᠨ ᠵᠦᠷᠢᠴᠡᠵᠦ ᠶᠠᠯ᠎ᠠ ᠬᠢᠭᠰᠡᠨ᠂ ᠵᠤᠷᠢᠭᠤᠳᠠ ᠬᠦᠮᠦᠨ | ᠠᠯᠬᠠᠤ᠂ ᠨᠦᠵᠢᠳᠯᠡᠬᠦ᠂ ᠲᠤᠨᠤᠬᠤ᠂ ᠪᠠᠷᠢᠴᠠᠭᠠᠯᠠᠬᠤ᠂ ᠭᠠᠯ ᠲᠠᠯᠪᠢᠬᠤ᠂ ᠳᠡᠯᠪᠡᠴᠢᠬᠦ᠂ ᠠᠶᠤᠯᠲᠠᠢ ᠪᠤᠳᠠᠰ | ᠲᠠᠯᠪᠢᠬᠤ ᠪᠤᠶᠤ ᠵᠤᠬᠢᠶᠠᠨ ᠪᠠᠶᠢᠭᠤᠯᠤᠯᠲᠠ ᠲᠠᠢ ᠪᠠᠷ ᠬᠦᠴᠦᠷᠬᠡᠭᠯᠡᠯ ᠤᠨ ᠴᠢᠨᠠᠷᠲᠠᠢ ᠶᠠᠯ᠎ᠠ ᠬᠢᠭᠰᠡᠨ᠂ ᠬᠠᠷ᠎ᠠ | ᠪᠦᠯᠦᠭᠲᠡᠨ ᠤ ᠴᠢᠨᠠᠷᠲᠠᠢ ᠵᠤᠬᠢᠶᠠᠨ ᠪᠠᠶᠢᠭᠤᠯᠤᠯᠲᠠ ᠶᠢᠨ ᠶᠠᠯ᠎ᠠ ᠬᠢᠭᠰᠡᠨ᠂ ᠬᠤᠤᠷ ᠰᠠᠷᠢᠭᠠᠯᠠᠵᠤ ᠶᠠᠯ᠎ᠠ ᠬᠢᠭᠰᠡᠨ᠂ | ᠤᠯᠤᠰ ᠤᠨ ᠠᠮᠤᠷ ᠲᠦᠪᠰᠢᠨ ᠢ ᠬᠤᠬᠢᠷᠠᠭᠤᠯᠬᠤ ᠶᠠᠯ᠎ᠠ ᠬᠢᠭᠰᠡᠨ᠂ ᠰᠦᠷᠳᠡᠭᠦᠯᠬᠦ ᠠᠵᠢᠯᠯᠠᠭ᠎ᠠ ᠶᠢᠨ ᠶᠠᠯ᠎ᠠ | ᠬᠢᠭᠰᠡᠨ ᠲᠠᠢ ᠬᠤᠯᠪᠤᠬᠳᠠᠬᠰᠠᠳ᠂ ᠪᠤᠰᠤᠳ ᠵᠤᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠭᠰᠡᠨ ᠭᠤᠤᠯ ᠬᠡᠷᠡᠭᠲᠡᠨ᠂ | ᠲᠠᠬᠢᠪᠤᠷᠢ ᠬᠡᠷᠡᠭᠲᠡᠨ︔ ᠬᠤᠶᠠᠷ ᠲᠤ᠂ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ᠂ ᠶᠢᠰᠦᠳᠦᠭᠡᠷ ᠲᠦᠷᠦᠯ ᠤᠨ | ᠡᠲᠡᠭᠡᠳ ᠲᠠᠬᠢ ᠦᠯᠡᠳᠡᠵᠤ ᠪᠠᠶᠢᠭ᠎ᠠ ᠡᠷᠡᠭᠦᠦ ᠶᠢᠨ ᠬᠤᠭᠤᠴᠠᠭ᠎ᠠ ᠨᠢ ᠠᠷᠪᠠᠨ ᠵᠢᠯ ᠠᠴᠠ ᠳᠡᠭᠡᠭᠰᠢ ᠪᠠᠶᠢᠭ᠎ᠠ ᠪᠠ ᠮᠦᠨ | ᠬᠤᠭᠤᠴᠠᠭ᠎ᠠ ᠦᠭᠡᠢ ᠬᠤᠷᠢᠬᠤ ᠡᠷᠡᠭᠦᠦ᠂ ᠠᠯᠠᠬᠤ ᠡᠷᠡᠭᠦᠦ ᠶᠢ ᠬᠤᠶᠢᠰᠢᠯᠠᠭᠤᠯᠵᠤ ᠭᠦᠢᠴᠡᠳᠭᠡᠬᠦ ᠬᠤᠭᠤᠴᠠᠭᠠᠨ ᠳᠤ | ᠤᠷᠤᠰᠢᠵᠤ ᠪᠠᠶᠢᠭ᠎ᠠ︔ ᠭᠤᠷᠪᠠ ᠳᠤ᠂ ᠦᠡᠭᠭᠡᠷᠡᠭᠰᠡᠨ ᠳᠤ ᠤᠨᠴᠠ ᠠᠭᠤᠴᠢᠯᠠᠯ ᠬᠦᠷᠳᠡᠵᠤ ᠦᠡᠭᠭᠡᠷᠡᠭᠰᠡᠨ ᠪᠦᠭᠡᠳ | ᠳᠠᠬᠢᠨ ᠶᠠᠯ᠎ᠠ ᠬᠢᠵᠤ ᠡᠷᠡᠭᠦᠦ ᠰᠢᠢᠳᠭᠡᠯ ᠢᠶᠠᠷ ᠰᠢᠢᠳᠭᠡᠭᠳᠡᠭᠰᠡᠨ︔ ᠳᠦᠷᠪᠡ ᠳᠤ᠂ ᠶᠡᠯ᠎ᠠ ᠪᠠᠨ ᠮᠡᠳᠡᠷᠡᠵᠦ ᠬᠠᠯᠠᠨ | ᠵᠠᠰᠠᠷᠠᠬᠤ ᠦᠭᠡᠢ ᠪᠠᠶᠢᠭ᠎ᠠ︔ ᠲᠠᠪᠤ ᠳᠤ᠂ ᠨᠡᠶᠢᠭᠡᠮ ᠤᠨ ᠪᠤᠳᠠᠳᠤ ᠬᠤᠤᠷ ᠬᠦᠨᠦᠭᠡᠯᠲᠦ ᠴᠢᠨᠠᠷᠲᠠᠢ ᠪᠠᠷ ᠦᠨᠡᠯᠡᠭᠳᠡᠭᠰᠡᠨ | ᠃ | ᠤᠯᠤᠰ ᠤᠨ ᠲᠡᠷᠢᠭᠦᠯᠡᠭᠴᠢ ᠶᠢᠨ ᠤᠨᠴᠠ ᠠᠭᠤᠴᠢᠯᠠᠯ ᠤᠨ ᠵᠠᠷᠯᠢᠭ ᠲᠤ᠂ 2019 ᠤᠨ ᠤ 6 ᠰᠠᠷ᠎ᠠ ᠶᠢᠨ | 29 ᠤ ᠡᠳᠦᠷ ᠳᠡᠭᠡᠷ᠎ᠠ ᠳᠤᠷᠠᠳᠤᠬᠰᠠᠨ ᠨᠦᠬᠦᠴᠡᠯ ᠳᠤ ᠨᠡᠶᠢᠴᠡᠭᠰᠡᠨ ᠡᠷᠡᠭᠦᠦ ᠭᠦᠢᠴᠡᠳᠭᠡᠵᠦ ᠪᠠᠶᠢᠭ᠎ᠠ ᠶᠠᠯᠠᠲᠠᠨ ᠢ | ᠠᠷᠠᠳ ᠤᠨ ᠰᠢᠬᠦᠬᠦ ᠬᠤᠷᠢᠶ᠎ᠠ ᠠᠴᠠ ᠬᠠᠤᠯᠢ ᠶᠤᠰᠤᠭᠠᠷ ᠲᠤᠬᠲᠠᠭᠠᠯᠲᠠ ᠭᠠᠷᠭᠠᠵᠤ᠂ ᠰᠤᠯᠠᠯᠠᠨ ᠲᠠᠯᠪᠢᠨ᠎ᠠ ᠭᠡᠵᠦ | ᠵᠢᠭᠠᠵᠤ ᠭᠠᠷᠭᠠᠪᠠ᠃ | |